ᠪᠤᠭᠤᠲᠤ ᠬᠤᠳᠠ᠄ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠪᠦᠷᠢᠮᠦᠰᠦᠨ ᠪᠠᠷᠢᠮᠵᠢᠶ᠎ᠠ ᠳᠤ ᠬᠦᠷᠦᠭᠦᠯᠬᠦ︾ ᠢᠨᠵᠧᠨᠧᠷᠢᠩ ᠨᠢ ᠶᠠᠳᠠᠭᠤ ᠠᠴᠠ ᠠᠩᠭᠢᠵᠢᠷᠠᠭᠤᠯᠬᠤ ︽ᠰᠠᠭᠤᠷᠢ︾᠎ ᠶᠢ ᠪᠠᠲᠤᠳᠬᠠᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2019/6/4
     2019 ᠣᠨ ᠳᠤ᠂ ᠪᠤᠭᠤᠲᠤ ᠬᠤᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠪᠦᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠲᠦᠢᠯ ᠤᠨ ᠣᠨᠣᠪᠴᠢᠲᠠᠢ ᠠᠷᠭ᠎ᠠ ᠪᠣᠳᠣᠯᠭ᠎ᠠ ᠪᠣᠯᠤᠨ ᠬᠠᠷᠠᠯᠲᠠ ᠪᠠᠷᠢᠮᠵᠢᠶ᠎ᠠ ᠶᠢ ᠪᠠᠷᠢᠮᠲᠠᠯᠠᠵᠤ᠂ ᠲᠥᠪ ᠤᠨ ᠲᠤᠰᠬᠠᠢ ᠲᠣᠭᠤᠷᠢᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠪᠣᠯᠤᠨ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾᠎ ᠶᠢ ᠪᠡᠶᠡᠯᠡᠭᠦᠯᠬᠦ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠦᠷᠢᠮᠦᠰᠦᠨ ᠪᠠᠷᠢᠮᠵᠢᠶ᠎ᠠ ᠳᠤ ᠬᠦᠷᠦᠭᠦᠯᠬᠦ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠰᠠᠭᠤᠷᠢ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠲᠤᠰᠬᠠᠢ ᠠᠵᠢᠯᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠦᠬᠦᠯᠢ ᠴᠣᠭᠴᠠ ᠶᠢᠨ ᠠᠬᠢᠴᠠ ᠶᠢ ᠦᠨᠡᠨ ᠬᠦ ᠠᠬᠢᠭᠤᠯᠵᠦ ᠪᠣᠢ᠃      ᠡᠭᠦᠨ ᠤ ᠲᠤᠯᠠᠳᠠ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠨᠢ ᠭᠤᠣᠯᠳᠠᠭᠤ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠶ ᠲᠣᠭᠤᠷᠢᠨ ᠪᠠᠶᠢᠴᠠᠭᠠᠯᠳ᠋ᠨ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠡᠯ᠎ᠡ ᠲᠥᠷᠥᠯ ᠤᠨ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠲᠦᠢᠯ ᠤᠨ ᠣᠨᠣᠪᠴᠢᠲᠠᠢ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠣᠷᠳᠣ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠳᠡᠭᠡᠷ᠎ᠡ ᠬᠦᠴᠦ ᠲᠠᠯᠪᠢᠵᠤ᠂ ︽ᠵᠢᠷᠭᠤᠭ᠎ᠠ ᠶᠢ ᠦᠭᠡᠶᠢᠰᠬᠡᠨ ᠳᠥᠷᠪᠡ ᠶᠢ ᠪᠠᠷᠢᠮᠵᠢᠶ᠎ᠠ ᠳᠤ ᠬᠦᠷᠦᠭᠦᠯᠬᠦ︾᠎ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠂ ᠲᠤᠬᠠᠶᠢᠯᠠᠪᠠᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠡᠷᠡᠭᠵᠢᠭᠦᠯᠬᠦ ᠲᠠᠯ᠎ᠠ ᠪᠠᠷ ᠵᠥᠷᠢᠶ᠎ᠡ ᠲᠠᠢ ᠪᠠᠶᠢᠬᠤ ᠪᠠᠶᠢᠳᠠᠯ ᠢ ᠣᠷᠣ ᠲᠠᠰᠤ ᠦᠭᠡᠶᠢᠰᠬᠡᠵᠦ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠶᠯ ᠢ ᠪᠦᠷᠬᠦᠭᠦᠯᠦᠭᠰᠡᠨ ᠥᠬᠡᠶ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠥᠨ ᠠᠮᠠ ᠶᠢ ᠪᠦᠬᠦᠨ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠷᠬᠦᠭᠦᠯᠦᠭᠰᠡᠨ ᠥᠬᠡᠶ ᠪᠠᠶᠢᠬᠤ ᠶᠢ ᠣᠷᠣ ᠲᠠᠰᠤ ᠦᠭᠡᠶᠢᠰᠬᠡᠨ᠎ᠡ︔ ᠡᠭᠦᠨ ᠤ ᠬᠠᠮᠲᠤ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠠᠮᠲᠤ ᠶᠢᠨ ᠠᠵᠤ ᠠᠬᠤᠢ ᠪᠠᠭᠤᠷᠠᠢ ᠪᠠᠶᠢᠬᠤ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠣᠷᠣ ᠲᠠᠰᠤ ᠦᠭᠡᠶᠢᠰᠬᠡᠬᠦ ᠠᠬᠢᠴᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ︔ ᠪᠠᠰᠠ ᠳᠠᠩᠰᠠ ᠪᠠ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠣᠷᠣ ᠲᠠᠰᠤ ᠦᠭᠡᠶᠢᠰᠬᠡᠬᠦ ᠶᠢ ᠪᠡᠶᠡᠯᠡᠭᠦᠯᠦᠨ᠎ᠡ︔ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠬᠥᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠡᠳᠦᠶ ᠪᠠᠶᠢᠬᠤ ᠪᠠ ᠶᠠᠳᠠᠭᠤ ᠬᠦᠴᠢᠷᠳᠡᠯᠲᠡᠶ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠶᠢ ᠦᠭᠡᠶᠢᠰᠬᠡᠬᠦ ᠶᠢ ᠪᠡᠶᠡᠯᠡᠭᠦᠯᠦᠨ᠎ᠡ︔ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠢᠯᠭᠠᠷᠠᠭᠤᠯᠤᠨ ᠳᠢᠭᠯᠡᠨ᠎ᠡ᠃ ᠡᠭᠦᠨ ᠠᠴᠠ ᠭᠠᠳᠠᠨ᠎ᠠ᠂ 2019 ᠣᠨ ᠳᠤ ᠪᠠᠰᠠ ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ ᠺᠠᠷᠲᠯᠠᠨ ᠳᠠᠩᠰᠠᠯᠠᠬᠤ ᠲᠠᠪᠴᠠᠩ ᠤᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠦᠨ᠎ᠡ︔ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶᠎ ᠶᠢᠨ ᠪᠡᠯᠡᠳᠬᠡᠮᠵᠢ᠂ ᠠᠵᠢᠯᠲᠠᠨ᠂ ᠡᠮ ᠵᠡᠷᠭᠡ ᠦᠨᠳᠦᠰᠦᠨ ᠡᠮᠴᠢᠯᠡᠭᠡᠨ ᠤ ᠦᠶᠯᠡᠴᠢᠯᠡᠭᠡ ᠶᠢ ᠪᠠᠷᠢᠮᠵᠢᠶ᠎ᠠ ᠳᠤ ᠬᠦᠷᠦᠭᠦᠯᠦᠨ᠎ᠡ︔ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠵᠦ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠷ᠎ᠡ ᠬᠡᠦᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠭᠠᠭᠤᠯᠢ ᠳᠤ ᠣᠷᠣᠬᠤ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠪᠠᠭᠤᠷᠠᠶ ᠪᠠᠶᠢᠬᠤ ᠰᠤᠷᠭᠠᠭᠤᠯᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠥᠭᠡᠷᠡᠴᠢᠯᠡᠯᠲᠡ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃      2019 ᠣᠨ ᠳᠤ᠂ ᠪᠤᠭᠤᠲᠤ ᠬᠤᠳᠠ ᠣᠳᠣᠬᠠᠨ ᠤ ᠦᠯᠡᠳᠡᠵᠦ ᠪᠠᠶᠢᠭ᠎ᠠ ᠶᠠᠳᠠᠭᠤ ᠠᠴᠠ ᠠᠩᠭᠢᠵᠢᠷᠠᠭᠠᠳᠤᠢ 1688 ᠬᠥᠮᠥᠨ ᠠᠮᠠ ᠶᠢ ᠪᠦᠬᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠭᠦᠶᠡᠩ ᠰᠢᠶᠠᠨ ᠤ ᠶᠠᠳᠠᠭᠤ ᠠᠴᠠ ᠠᠩᠭᠢᠵᠢᠷᠠᠭᠤᠯᠤᠨ ᠶᠠᠳᠠᠭᠤ ᠮᠠᠯᠠᠭᠠᠢ ᠶᠢ ᠨᠢ ᠲᠠᠶᠠᠭᠳᠠᠭᠤᠯᠬᠤ ᠵᠠᠯᠭᠠᠮᠵᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号