ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠰᠢᠶᠠᠯ ᠳᠤ ᠲᠤᠮᠢᠯᠠᠬᠤ ᠪᠠᠷ ᠲᠤᠬᠳᠠᠬᠰᠠᠨ ᠨᠡᠷᠡᠰ
ᠨᠡᠶᠢᠲᠡᠯᠡᠭᠰᠡᠨ ᠴᠠᠭ᠄
2019/6/4

     ︵2019 ᠤᠨ ᠤ 5 ᠳ᠋ᠤᠭᠠᠷ ᠰᠠᠷ᠎ᠠ ᠶᠢᠨ 31 ᠤ ᠡᠳᠦᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠠᠴᠠ ᠪᠠᠳᠤᠯᠠᠪᠠ︶
     ᠲᠤᠰᠢᠶᠠᠯ ᠳᠤ ᠲᠤᠮᠢᠯᠠᠬᠤ ᠪᠠᠷ ᠲᠤᠬᠳᠠᠬᠰᠠᠨ ᠨᠢ᠄
     ᠵᠸᠡᠭ ᠬᠤᠨᠭ᠌ ᠹᠠᠨ ᠢ ᠥᠪᠡᠷᠲᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠶᠢᠨ ᠲᠤᠰᠢᠶᠠᠯ ᠳᠤ ᠲᠤᠮᠢᠯᠠᠨ᠎ᠠ᠃
               

ᠵᠸᠡᠭ ᠬᠤᠨᠭ᠌ ᠹᠠᠨ ᠨᠥᠬᠦᠷ ᠤᠨ ᠲᠣᠪᠴᠢ ᠨᠠᠮᠲᠠᠷ᠄


     ᠵᠸᠡᠭ ᠬᠤᠨᠭ᠌ ᠹᠠᠨ᠂ ᠡᠷᠡᠭᠳᠡᠢ᠂ ᠬᠢᠳᠠᠳ ᠦᠨᠳᠦᠰᠦᠳᠡᠨ᠂ 1965 ᠤᠨ ᠤ 1 ᠳ᠋ᠦ᠋ᠭᠡᠷ ᠰᠠᠷ᠎ᠠ ᠳᠤ ᠲᠦᠷᠦᠵᠠᠢ᠂ ᠾᠧᠨᠠᠨ ᠮᠤᠵᠢ ᠶᠢᠨ ᠨᠠᠨᠶᠠᠩ ᠤᠨ ᠬᠦᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠬᠠᠤᠯᠢ ᠶᠢᠨ ᠤᠬᠠᠭᠠᠨ ᠤ  ᠮᠠᠰᠲ᠋ᠧᠷ ᠴᠤᠯᠠ ᠲᠠᠢ᠂ ᠲᠡᠭᠡᠳᠤ ᠲᠡᠰ ᠤᠨ ᠨᠠᠶᠢᠷᠠᠭᠤᠯᠤᠬᠴᠢ᠂ 1985 ᠤᠨ ᠤ 4 ᠳ᠋ᠦ᠋ᠭᠡᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠦ᠂ 1990 ᠤᠨ ᠤ 7 ᠳ᠋ᠤᠭᠠᠷ ᠰᠠᠷ᠎ᠠ ᠳᠤ ᠠᠵᠢᠯ ᠳᠤ ᠣᠷᠣᠯᠴᠠᠵᠠᠢ᠃
     ᠤᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠤ ᠲᠤᠰᠢᠶᠠᠯ ᠳᠤ ᠪᠣᠢ᠃
     1983.09 — 1987.09 ᠰᠢᠨᠶᠠᠩ ᠤᠨ ᠪᠠᠭᠰᠢ ᠶᠢᠨ ᠲᠡᠭᠡᠳᠤ ᠰᠤᠷᠭᠠᠭᠤᠯᠢ ᠶᠢᠨ ᠬᠢᠳᠠᠳ ᠬᠡᠯᠡ ᠤᠳᠬ᠎ᠠ ᠵᠤᠬᠢᠶᠠᠯ ᠤᠨ ᠰᠠᠯᠪᠤᠷᠢ ᠶᠢᠨ ᠬᠢᠳᠠᠳ ᠬᠡᠯᠠ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠰᠤᠷᠤᠯᠴᠠᠪᠠ
     1987.09 — 1990.07 ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠭᠦ ᠤᠬᠠᠭᠠᠨ ᠤ ᠬᠦᠷᠢᠶᠠᠯᠠᠩ ᠤᠨ ᠰᠤᠳᠤᠯᠬᠤ ᠰᠤᠷᠤᠬᠴᠢ ᠶᠢᠨ ᠬᠦᠷᠢᠶᠠᠯᠠᠩ ᠤᠨ ᠰᠤᠨᠢᠨ ᠮᠡᠳᠡᠭᠡᠨ ᠤ ᠰᠠᠯᠪᠤᠷᠢ ᠳᠤ ᠰᠤᠨᠢᠨ ᠮᠡᠳᠡᠭᠡᠨ ᠤ ᠲᠤᠬᠠᠢᠢᠯᠠᠬᠰᠠᠨ ᠠᠵᠢᠯ ᠤᠨ ᠲᠤᠰᠬᠠᠢ ᠮᠡᠷᠭᠡᠵᠢᠯ ᠤᠨ ᠰᠤᠳᠤᠯᠬᠤ ᠰᠤᠷᠤᠬᠴᠢ ᠪᠠᠶᠢᠪᠠ
     1990.07 — 1992.01 ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠲᠤᠮᠳᠠᠳᠤ ᠤᠯᠤᠰ ᠤᠨ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠰᠤᠨᠢᠨ ᠤ ᠬᠤᠷᠢᠶ᠎ᠠ ᠶᠢᠨ ᠨᠠᠶᠢᠷᠠᠭᠤᠯᠤᠬᠴᠢ ᠪᠠᠶᠢᠪᠠ
     1992.01 — 1995.12 ᠠᠷᠠᠳ ᠤᠨ ᠡᠳᠦᠷ ᠤᠨ ᠰᠤᠨᠢᠨ ᠤ ᠬᠤᠷᠢᠶ᠎ᠠ ᠶᠢᠨ ᠤᠯᠤᠰ ᠤᠨ ᠲᠤᠳᠤᠭᠠᠳᠤ ᠶᠢᠨ ᠤᠯᠤᠰ ᠲᠦᠷᠦ ᠶᠢᠨ ᠬᠡᠯᠳᠡᠰ ᠤᠨ ᠨᠠᠶᠢᠷᠠᠭᠤᠯᠤᠬᠴᠢ ᠪᠠᠶᠢᠪᠠ
     1995.12 — 1997.09 ᠠᠷᠠᠳ ᠤᠨ ᠡᠳᠦᠷ ᠤᠨ ᠰᠤᠨᠢᠨ ᠤ ᠬᠤᠷᠢᠶ᠎ᠠ ᠶᠢᠨ ᠤᠯᠤᠰ ᠤᠨ ᠲᠤᠳᠤᠭᠠᠳᠤ ᠶᠢᠨ ᠤᠯᠤᠰ ᠲᠦᠷᠦ ᠶᠢᠨ ᠬᠡᠯᠳᠡᠰ ᠤᠨ ᠨᠠᠮ ᠤᠨ ᠠᠮᠢᠳᠤᠷᠠᠯ ᠤᠨ ᠲᠤᠭᠤᠢᠢᠯᠠᠩ ᠤᠨ ᠲᠡᠳ᠋ ᠲᠠᠷᠤᠭ᠎ᠠ ᠪᠠᠶᠢᠪᠠ
     1997.09 — 2000.01 ᠠᠷᠠᠳ ᠤᠨ ᠡᠳᠦᠷ ᠤᠨ ᠰᠤᠨᠢᠨ ᠤ ᠬᠤᠷᠢᠶ᠎ᠠ ᠶᠢᠨ ᠤᠯᠤᠰ ᠤᠨ ᠲᠤᠳᠤᠭᠠᠳᠤ ᠶᠢᠨ ᠤᠯᠤᠰ ᠲᠦᠷᠦ ᠶᠢᠨ ᠬᠡᠯᠳᠡᠰ ᠤᠨ ᠨᠡᠮ ᠤᠨ ᠠᠮᠢᠳᠤᠷᠠᠯ ᠤᠨ ᠲᠤᠭᠤᠢᠢᠯᠠᠩ ᠤᠨ ᠲᠠᠷᠤᠭ᠎ᠠ ᠪᠠᠶᠢᠪᠠ
     2000.01 — 2004.01 ᠠᠷᠠᠳ ᠤᠨ ᠡᠳᠦᠷ ᠤᠨ ᠰᠤᠨᠢᠨ ᠤ ᠬᠤᠷᠢᠶ᠎ᠠ ᠶᠢᠨ ᠤᠯᠤᠰ ᠤᠨ ᠲᠤᠳᠤᠭᠠᠳᠤ ᠶᠢᠨ ᠤᠯᠤᠰ ᠲᠦᠷᠦ ᠶᠢᠨ ᠬᠡᠯᠳᠡᠰ ᠤᠨ ᠲᠡᠳ᠋ ᠡᠷᠬᠢᠯᠡᠭᠴᠢ ︵ᠡᠨᠡ ᠬᠤᠭᠤᠴᠠᠭᠠᠨ ᠳᠤ᠄ 2000.01 — 2001.01 ᠲᠦᠪ ᠤᠨ ᠤᠬᠠᠭᠤᠯᠬᠤ ᠬᠡᠯᠳᠡᠰ ᠲᠤ ᠲᠤᠰᠢᠶᠠᠯ ᠡᠭᠦᠷᠭᠡᠯᠡᠨ ᠠᠵᠢᠯᠯᠠᠵᠣ᠂ ᠲᠦᠪ ᠤᠨ ᠤᠬᠠᠭᠤᠯᠬᠤ ᠬᠡᠯᠳᠡᠰ ᠤᠨ ᠰᠤᠨᠢᠨ ᠮᠡᠳᠡᠭᠡᠨ ᠤ ᠵᠤᠬᠢᠴᠠᠭᠤᠯᠬᠤ ᠲᠤᠭᠤᠢᠢᠯᠠᠩ ᠤᠨ ᠲᠡᠳ᠋ ᠲᠠᠷᠤᠭ᠎ᠠ ᠶᠢᠨ ᠲᠤᠰᠢᠶᠠᠯ ᠢ ᠬᠠᠷᠢᠭᠤᠴᠠᠵᠠᠢ︶ ᠪᠠᠶᠢᠪᠠ
     2004.01 — 2005. 10 ᠲᠦᠪ ᠤᠨ ᠤᠬᠠᠭᠤᠯᠬᠤ ᠬᠡᠯᠳᠡᠰ ᠤᠨ ᠠᠯᠪᠠᠨ ᠲᠢᠩᠭᠢᠮ ᠤᠨ ᠲᠡᠳ᠋ ᠡᠷᠬᠢᠯᠡᠭᠴᠢ ᠪᠠᠶᠢᠪᠠ
     2005.10 — 2008.01 ᠲᠦᠪ ᠤᠨ ᠤᠬᠠᠭᠤᠯᠬᠤ ᠬᠡᠯᠳᠡᠰ ᠤᠨ ᠠᠯᠪᠠᠨ ᠲᠢᠩᠭᠢᠮ ᠤᠨ ᠲᠤᠭᠤᠷᠢᠨ ᠪᠠᠶᠢᠴᠠᠭᠠᠬᠴᠢ᠂ ᠲᠡᠳ᠋ ᠡᠷᠬᠢᠯᠡᠭᠴᠢ ᠪᠠᠶᠢᠪᠠ
     2008.01 — 2014.04 ᠲᠦᠪ ᠤᠨ ᠤᠬᠠᠭᠤᠯᠬᠤ ᠬᠡᠯᠳᠡᠰ ᠤᠨ ᠠᠯᠪᠠᠨ ᠲᠢᠩᠭᠢᠮ ᠤᠨ ᠡᠷᠬᠢᠯᠡᠭᠴᠢ ᠪᠠᠶᠢᠪᠠ
     2014. 04 — 2019.05 ᠲᠦᠪ ᠤᠨ ᠤᠬᠠᠭᠤᠯᠬᠤ ᠬᠡᠯᠳᠡᠰ ᠤᠨ ᠲᠡᠳ᠋ ᠨᠠᠷᠢᠨ ᠪᠢᠴᠢᠭ ᠤᠨ ᠲᠠᠷᠤᠭ᠎ᠠ ᠮᠦᠷᠳᠡᠭᠡᠨ ᠪᠦᠭᠦ ᠤᠯᠤᠰ ᠤᠨ ᠤᠬᠠᠭᠤᠯᠬᠤ ᠺᠠᠳ᠋ᠷ ᠤᠨ ᠲᠡᠭᠡᠳᠤ ᠰᠤᠷᠭᠠᠭᠤᠯᠢ ᠶᠢᠨ ᠪᠠᠶᠢᠡᠭᠭᠤ ᠶᠢᠨ ᠲᠡᠳ᠋ ᠵᠠᠬᠢᠷᠤᠯ᠂ ᠨᠠᠮ ᠤᠨ ᠬᠤᠷᠢᠶ᠎ᠠ ᠶᠢᠨ ᠱᠦᠵᠢ ᠪᠠᠶᠢᠪᠠ
     2019.05 — ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠪᠣᠯᠣᠨ᠎ᠠ



ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ