ᠰᠢᠯᠢ ᠶᠢᠨ ᠭᠤᠤᠯ ᠠᠶᠢᠮᠠᠭ ᠤᠨ ᠠᠵᠢᠯ ᠠᠯᠳᠠᠭᠰᠠᠳ ᠤᠨ ᠳᠠᠭᠠᠳᠬᠠᠯ ᠤᠨ ︽ᠬᠤᠶᠠᠷ ᠶᠡᠭᠡ ᠠᠵᠢᠯᠯᠠᠭ᠎ᠠ︾᠎ ᠨᠢ ᠠᠵᠤ ᠠᠬᠤᠶᠢᠯᠠᠯ ᠤᠨ ᠲᠣᠭᠲᠠᠪᠤᠷᠢᠲᠠᠶ ᠠᠵᠢᠯ ᠣᠯᠭᠤᠬᠤ ᠶᠢ ᠳᠡᠮᠵᠢᠵᠦ ᠪᠤᠢ
ᠨᠡᠶᠢᠲᠡᠯᠡᠭᠰᠡᠨ ᠴᠠᠭ᠄
2019/6/5
     ᠨᠢᠭᠡ ᠳᠤ᠂ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ ᠠᠬᠤᠶᠢᠯᠠᠯ ᠢ ᠳᠡᠮᠵᠢᠵᠦ ᠠᠵᠢᠯ ᠤᠨ ᠪᠠᠶᠢᠷᠢ ᠎ ᠶᠢ ᠲᠣᠭᠲᠠᠪᠤᠷᠢᠵᠢᠭᠤᠯᠬᠤ ︽ᠬᠠᠮᠭᠠᠯᠠᠯᠳᠠ ᠶᠢᠨ ᠠᠵᠢᠯᠯᠠᠭ᠎ᠠ︾ ᠦᠷᠨᠢᠬᠦᠯᠵᠡᠢ᠃ ᠬᠥᠮᠥᠨ ᠬᠠᠰᠤᠬᠤ ᠥᠬᠡᠶ ᠪᠤᠶᠤ ᠬᠥᠮᠥᠨ ᠴᠥᠭᠡᠨ ᠬᠠᠰᠤᠭᠰᠠᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠳᠡᠭᠡᠷ᠎ᠡ ᠵᠢᠯ ᠤᠨ ᠪᠣᠳᠠᠲᠠᠶ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ 50%᠎ ᠶᠢ ᠪᠤᠴᠠᠭᠠᠭᠰᠠᠨ ᠰᠠᠭᠤᠷᠢᠨ ᠳᠡᠭᠡᠷ᠎ᠡ᠂ ᠡᠬᠦᠨ ᠤ  ᠳᠣᠳᠣᠷᠠᠬᠢ ᠦᠢᠯᠡᠳᠪᠣᠷᠢᠯᠠᠯ ᠤᠨ ᠦᠯᠡᠬᠦᠦ ᠴᠢᠳᠠᠪᠣᠷᠢ ᠶᠢ ᠨᠢ ᠬᠠᠰᠣᠭᠰᠠᠨ ᠠᠵᠤ ᠠᠬᠤᠶᠢᠯᠠᠯ ᠎ ᠳᠤ᠂ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠪᠣᠳᠠᠲᠠᠶ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ 80%᠎ ᠶᠢ ᠨᠢ ᠪᠤᠴᠠᠭᠠᠨ ᠥᠭᠭᠦᠨ᠎ᠡ᠃ ᠲᠦᠷ ᠴᠠᠭ ᠤᠨ ᠴᠢᠨᠠᠷᠲᠠᠶ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠭᠰᠠᠨ ᠪᠥᠭᠡᠳ ᠰᠡᠷᠭᠦᠭᠡᠬᠦ ᠪᠣᠯᠤᠮᠵᠢ ᠲᠠᠢ᠂ ᠠᠵᠢᠯᠲᠠᠨ ᠬᠠᠰᠤᠬᠤ ᠥᠬᠡᠶ ᠪᠤᠶᠤ ᠴᠥᠭᠡᠨ ᠬᠠᠰᠤᠬᠤ ᠶᠢ ᠪᠠᠷᠢᠮᠲᠠᠯᠠᠭᠰᠠᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠪᠣᠯ᠂ ᠳᠡᠭᠡᠷ᠎ᠡ ᠵᠢᠯ ᠤᠨ ᠬᠥᠮᠥᠨ ᠳᠤᠮᠳᠠᠴᠢ ᠶᠢᠨ ᠠᠵᠢᠯ ᠠᠯᠳᠠᠭᠰᠠᠳ ᠤᠨ ᠳᠠᠭᠠᠳᠬᠠᠯ ᠤᠨ 6 ᠰᠠᠷ᠎ᠠ ᠶᠢᠨ ᠮᠥᠩᠭᠦ ᠪᠠ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ ᠪᠤᠶᠤ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ ᠲᠤᠰᠢᠶᠠᠬᠤ ᠶᠣᠰᠣᠲᠠᠶ 6 ᠰᠠᠷ᠎ᠠ ᠶᠢᠨ ᠨᠡᠶᠢᠬᠡᠮ ᠤᠨ ᠳᠠᠭᠠᠳᠬᠠᠯ ᠤᠨ ᠰᠦᠶᠳᠬᠡᠯ ᠎ ᠤᠨ 50%᠎ ᠪᠠᠷ ᠪᠤᠴᠠᠭᠠᠨ ᠥᠭᠴᠦ ᠪᠣᠯᠤᠨ᠎ᠠ᠃ ᠬᠤᠶᠠᠷ ᠲᠤ᠂ ᠠᠵᠢᠯ ᠠᠯᠳᠠᠭᠰᠠᠳ ᠤᠨ ᠳᠠᠭᠠᠳᠬᠠᠯ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ︽ᠳᠡᠬᠦᠯᠢᠯᠳᠡ ᠠᠵᠢᠯᠯᠠᠭ᠎ᠠ︾ ᠦᠷᠨᠢᠬᠦᠯᠵᠡᠢ᠃ 2019 ᠤᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2020 ᠤᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠣᠳᠣ ᠶᠢᠨ ᠬᠡᠷᠡᠭᠵᠢᠭᠦᠯᠵᠦ ᠪᠠᠶᠢᠭ᠎ᠠ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠭᠤᠶᠤᠴᠢᠯᠠᠨ ᠠᠪᠬᠤ ᠨᠥᠬᠦᠴᠡᠯ ᠢ ᠠᠵᠤ ᠠᠬᠤᠶᠢᠯᠠᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠢ ᠨᠡᠶᠢᠲᠡ 36 ᠰᠠᠷ᠎ᠠ ᠵᠢᠴᠢ ᠲᠡᠭᠦᠨ ᠠᠴᠠ ᠳᠡᠭᠡᠭᠰᠢ ᠪᠠᠶᠢᠬᠤ ᠶᠢ ᠱᠠᠭᠠᠷᠳᠠᠵᠣ ᠪᠠᠶᠢᠭᠰᠠᠨ ᠢ ᠠᠵᠢᠯ ᠠᠯᠳᠠᠭᠰᠠᠳ ᠤᠨ ᠳᠠᠭᠠᠳᠬᠠᠯ ᠤᠨ ᠵᠠᠷᠣᠳᠠᠯ ᠢ ᠨᠡᠶᠢᠲᠡ 12 ᠰᠠᠷ᠎ᠠ ᠵᠢᠴᠢ ᠲᠡᠭᠦᠨ ᠠᠴᠠ ᠳᠡᠭᠡᠭᠰᠢ ᠪᠣᠯᠲᠠᠯ᠎ᠠ ᠲᠣᠰᠢᠶᠠᠭᠰᠠᠨ ᠪᠠᠶᠢᠬᠤ ᠪᠣᠯᠭᠠᠨ ᠠᠭᠤᠵᠢᠭᠤ ᠲᠠᠯᠪᠢᠨ᠎ᠠ᠃ 4 ᠳ᠋ᠣᠬᠡᠷ ᠰᠠᠷ᠎ᠠ ᠶᠢᠨ ᠡᠴᠦᠰ ᠪᠣᠯᠲᠠᠯ᠎ᠠ᠂ ᠰᠢᠯᠢ ᠶᠢᠨ ᠭᠤᠤᠯ ᠠᠶᠢᠮᠠᠭ ᠨᠡᠶᠢᠲᠡ 18 ᠠᠵᠤ ᠠᠬᠤᠶᠢᠯᠠᠯ ᠤᠨ 77 ᠠᠵᠢᠯᠲᠠᠨ ᠠᠵᠢᠯᠴᠢᠨ ᠳᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠣᠯᠭᠤᠭᠰᠠᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号