| | 6 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ | ᠨᠠᠮ ᠤᠨ ᠬᠤᠷᠢᠶᠡᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ | ᠳᠤᠮᠳᠠᠳᠤ ᠤᠯᠤᠰ ᠤᠨ ᠪᠠᠩᠬᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠩᠬᠢ ᠶᠢᠨ ᠳᠠᠷᠤᠭ᠎ᠠ ᠯᠢᠦ ᠯᠢᠶᠡᠨ | ᠭᠧ ᠯᠦᠭᠡ ᠪᠡᠬᠡᠵᠢᠩ ᠳᠤ ᠬᠤᠶᠠᠷ ᠳᠠᠯ᠎ᠠ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ ᠲᠤᠬᠠᠢ ᠵᠥᠪᠳᠡᠯᠴᠡᠭᠡᠷ ᠬᠢᠭᠰᠡᠨ | ᠤ ᠬᠠᠮᠳᠤ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠪᠤᠯᠤᠨ ᠳᠤᠮᠳᠠᠳᠤ ᠤᠯᠤᠰ ᠤᠨ ᠪᠠᠩᠬᠢ ᠶᠢᠨ | ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ ᠳᠤᠬᠢᠷᠠᠯᠴᠠᠬᠤ ᠭᠠᠷ ᠤᠨ ᠦᠰᠦᠭ | ᠵᠢᠷᠤᠬᠤ ᠶᠢ ᠭᠡᠷᠡᠴᠢᠯᠡᠪᠡ᠃ | ᠪᠦ᠋ ᠰᠢᠶᠤᠤ ᠯᠢᠨ ᠳᠤᠮᠳᠠᠳᠤ ᠤᠯᠤᠰ ᠤᠨ ᠪᠠᠩᠬᠢ ᠠᠴᠠ ᠦᠪᠦᠷ ᠮᠤᠩᠭᠤᠯ ᠢ ᠶᠡᠭᠡ ᠬᠦᠴᠦᠨ ᠢᠶᠠᠷ | ᠲᠡᠮᠵᠢᠭᠰᠡᠭᠡᠷ ᠢᠷᠡᠭᠰᠡᠨ ᠳᠤ ᠳᠠᠯᠠᠷᠬᠠᠵᠦ ᠪᠠᠶᠢᠬᠤ ᠪᠠᠨ ᠢᠯᠡᠳᠬᠡᠨ᠂ ᠳᠤᠮᠳᠠᠳᠤ ᠤᠯᠤᠰ ᠤᠨ ᠪᠠᠩᠬᠢ ᠠᠴᠠ ᠰᠠᠭᠠᠳ | ᠦᠬᠡᠢ ᠶᠠᠪᠤᠬᠳᠠᠬᠤ ᠢᠳᠡᠬᠡᠮᠵᠢ ᠶᠢᠨ ᠵᠢᠬᠡᠯᠡᠯᠬᠡ ᠶᠢᠨ ᠵᠠᠮ ᠢ ᠨᠡᠬᠡᠬᠡᠵᠦ᠂ ᠦᠪᠦᠷ ᠮᠤᠩᠭᠤᠯ ᠤᠨ ᠪᠠᠶᠢᠯᠳᠤᠬᠤ | ᠪᠤᠳᠤᠯᠭ᠎ᠠ ᠶᠢᠨ ᠠᠵᠠ ᠳᠤᠬᠢᠶᠠᠯ ᠤᠨ ᠬᠤᠭᠤᠴᠠᠭ᠎ᠠ ᠶᠢ ᠵᠠᠪᠳᠤᠨ ᠠᠳᠬᠤᠬᠤ ᠳᠤ ᠦᠷᠬᠦᠯᠵᠢᠯᠡᠨ ᠳᠡᠮᠵᠢᠯᠬᠡ | ᠦᠵᠡᠬᠦᠯᠵᠦ᠂ ᠦᠪᠦᠷ ᠮᠤᠩᠭᠤᠯ ᠤᠨ ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠲᠤᠰᠠᠯᠠᠮᠵᠢ | ᠦᠵᠡᠭᠦᠯᠬᠦ ᠶᠢ ᠬᠦᠰᠡᠪᠡ᠃ | ᠯᠢᠦ ᠯᠢᠶᠡᠨ ᠭᠧ ᠢᠯᠡᠳᠬᠡᠭᠰᠡᠨ ᠨᠢ᠂ ᠳᠤᠮᠳᠠᠳᠤ ᠤᠯᠤᠰ ᠤᠨ ᠪᠠᠩᠬᠢ ᠳᠤᠰ ᠤᠳᠠᠭ᠎ᠠ ᠶᠢᠨ ᠵᠦᠪᠯᠡᠯᠴᠡᠬᠡᠷ | ᠳᠤᠬᠢᠷᠠᠯᠴᠠᠬᠤ ᠪᠠᠷ ᠠᠵᠠ ᠳᠤᠬᠢᠶᠠᠯ ᠪᠤᠯᠭᠠᠵᠦ᠂ ᠳᠡᠯᠡᠬᠡᠶᠢᠵᠢᠬᠦ᠂ ᠤᠯᠠᠨ ᠡᠰᠢᠴᠢᠯᠡᠬᠦ ᠡᠵᠡᠩᠨᠡᠯᠳᠡ ᠶᠢᠨ | ᠳᠠᠪᠠᠭᠤᠯᠢᠬ ᠢ ᠬᠦᠢᠴᠡᠳ ᠪᠠᠳᠠᠷᠠᠭᠤᠯᠵᠦ᠂ ᠪᠤᠳᠠᠳᠤ ᠴᠤᠬᠴᠠ ᠶᠢᠨ ᠠᠵᠦ ᠠᠬᠤᠢ ᠳᠤ ᠦᠢᠯᠡᠴᠢᠯᠡᠬᠦ᠂ ᠮᠦᠩᠬᠦᠨ | ᠬᠦᠢᠯᠬᠡᠬᠡᠨ ᠤ ᠠᠶᠤᠯ ᠳᠦᠭᠰᠢᠬᠦᠷᠢ ᠶᠢ ᠰᠡᠷᠬᠡᠶᠢᠯᠡᠨ ᠡᠵᠡᠮᠳᠡᠬᠦ᠂ ᠮᠦᠩᠬᠦᠨ ᠬᠦᠢᠯᠬᠡᠬᠡᠨ ᠤ ᠦᠬᠡᠷᠡᠴᠢᠯᠡᠯᠳᠡ ᠶᠢ | ᠬᠦᠨᠵᠡᠬᠡᠶᠢᠷᠡᠬᠦᠯᠬᠦ ᠵᠡᠷᠬᠡ ᠳᠠᠯ᠎ᠠ ᠪᠠᠷ ᠦᠷᠬᠦᠯᠵᠢᠯᠡᠨ ᠬᠦᠴᠦᠯᠡᠵᠦ᠂ ᠦᠪᠦᠷ ᠮᠤᠩᠭᠤᠯ ᠤᠨ ᠴᠢᠨᠠᠷ ᠰᠠᠶᠢᠳᠠᠢ | ᠬᠦᠭᠵᠢᠯᠳᠡ ᠶᠢ ᠪᠡᠶᠡᠯᠡᠬᠦᠯᠬᠦ ᠳᠤ ᠨᠡᠩ ᠶᠡᠭᠡ ᠬᠤᠪᠢ ᠨᠠᠮᠠᠷᠢ ᠦᠵᠡᠬᠦᠯᠦᠨ᠎ᠠ ᠭᠡᠵᠡᠢ᠃ | ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠪᠤᠤ ᠵᠸᠠ ᠢᠤᠢ᠂ | ᠳᠤᠮᠳᠠᠳᠤ ᠤᠯᠤᠰ ᠤᠨ ᠪᠠᠩᠬᠢ ᠶᠢᠨ ᠳᠡᠳ᠋ ᠳᠠᠷᠤᠭ᠎ᠠ ᠵᠧᠩ ᠬᠦᠸᠧ ᠢᠤᠢ ᠳᠤᠰ ᠳᠤᠰ ᠬᠤᠶᠠᠷ ᠳᠠᠯ᠎ᠠ ᠶᠢ | ᠳᠦᠯᠦᠬᠡᠯᠡᠨ ᠵᠥᠪᠳᠡᠯᠴᠡᠭᠡᠷ ᠲᠤ ᠭᠠᠷ ᠤᠨ ᠦᠰᠦᠭ ᠵᠢᠷᠤᠪᠠ᠃ ᠵᠥᠪᠳᠡᠯᠴᠡᠭᠡᠷ ᠢ ᠦᠨᠳᠦᠰᠦᠯᠡᠪᠡᠯ᠂ ᠬᠤᠶᠠᠷ | ᠳᠠᠯ᠎ᠠ ᠪᠠᠷ ᠢᠶᠠᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ᠂ ᠭᠠᠳᠠᠭᠠᠳᠤ ᠨᠡᠬᠡᠬᠡᠯᠳᠡ᠂ ᠴᠢᠬᠤᠯᠠ ᠶᠡᠭᠡ | ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ᠂ ᠳᠦᠬᠡᠮᠡᠯ ᠬᠠᠷᠠᠭᠠᠯᠵᠠᠯᠳᠤ ᠮᠦᠩᠬᠦᠨ ᠬᠦᠢᠯᠬᠡᠬᠡᠨ᠂ ︽ᠢᠨᠲ᠋ᠧᠷ | ᠰᠦᠯᠵᠢᠶ᠎ᠠ +︾ ᠵᠡᠷᠬᠡ ᠬᠦᠷᠢᠶᠡᠨ ᠳᠤ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠦᠷᠨᠢᠭᠦᠯᠬᠦ | ᠪᠤᠯᠤᠨ᠎ᠠ᠃ |