ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2019 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/6/6

     5 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠳᠤᠬᠠᠢ ᠬᠤᠯᠪᠤᠬᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽2019 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠲᠤ ᠲᠣᠬᠢᠷᠠᠭᠤᠯᠤᠯᠲᠠ ᠬᠢᠬᠦ ᠲᠥᠰᠦᠯ ︵ᠲᠥᠰᠦᠯ︶︾ ᠢ ᠪᠠᠲᠤᠯᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠪᠣᠯ ᠲᠥᠪ ᠠᠴᠠ ᠪᠠᠷᠠᠭᠤᠨ ᠣᠷᠣᠨ ᠤ ᠬᠥᠭᠵᠢᠯᠲᠡ ᠶᠢ ᠳᠡᠮᠵᠢᠬᠦ ᠴᠢᠬᠤᠯᠠ ᠶᠡᠭᠡ ᠠᠷᠭ᠎ᠠ ᠪᠣᠳᠤᠯᠭ᠎ᠠ ᠮᠦᠨ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠪᠴᠢᠯᠡᠨ ᠪᠦᠷᠢᠯᠳᠦᠭᠦᠯᠬᠦ᠂ ᠪᠠᠷᠠᠭᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠲᠥᠪ ᠤᠨ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠵᠢᠴᠢ ᠰᠢᠨ᠎ᠡ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠰᠤᠷᠤᠯᠴᠠᠨ ᠡᠵᠡᠮᠰᠢᠵᠦ᠂ ᠲᠥᠪ ᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠬᠰᠠᠨ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ︾ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠳᠦᠷᠬᠡᠪᠴᠢᠯᠡᠨ ᠰᠤᠳᠤᠯᠤᠨ ᠳᠤᠷᠠᠳᠴᠤ᠂ ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ ᠶᠢ ᠴᠢᠩᠭᠠᠳᠬᠠᠵᠤ᠂ ᠶᠡᠭᠡ ᠪᠠᠷ ᠬᠠᠮᠠᠭᠠᠯᠠᠬᠤ᠂ ᠶᠡᠭᠡ ᠪᠠᠷ ᠨᠡᠭᠡᠭᠡᠯᠲᠡ ᠬᠢᠬᠦ᠂ ᠴᠢᠨᠠᠷ ᠰᠠᠶᠢᠲᠠᠢ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠬᠡᠵᠥ ᠵᠢᠭᠠᠵᠥ ᠭᠠᠷᠭᠠᠪᠠ᠃
     ᠬᠤᠷᠠᠯ ᠠᠴᠠ ᠴᠢᠬᠤᠯᠠᠴᠢᠯᠭᠰᠠᠨ ᠨᠢ᠂ ᠡᠯ᠎ᠡ ᠱᠠᠲᠤᠨ ᠤ ᠵᠠᠰᠠᠭ ᠤᠨ ᠣᠷᠳᠣᠨ ᠲᠥᠰᠦᠪ ᠤᠨ ᠬᠠᠮᠢᠶᠠᠷᠤᠯᠲᠠ ᠪᠠᠨ ᠴᠢᠩᠳᠠᠯᠠᠵᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠬᠡᠷᠡᠭᠯᠡᠬᠦ ᠠᠬᠢᠴᠠ ᠪᠠᠨ ᠲᠦᠷᠭᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦᠨ ᠤ ᠬᠡᠷᠡᠭᠴᠡᠭᠡ ᠶᠢ ᠪᠠᠲᠤᠯᠠᠵᠤ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠭᠠᠵᠠᠷ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠳᠤᠯᠠᠬᠤ ᠬᠡᠷᠡᠭᠲᠡᠢ ᠬᠡᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ