ᠬᠥᠯᠥᠨ ᠪᠤᠶᠢᠷ ᠬᠤᠲᠠ ᠳᠡᠭᠡᠷ᠎ᠡ ᠬᠠᠭᠠᠰ ᠵᠢᠯ ᠳᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠨᠥᠬᠦᠪᠥᠷᠢ ᠪᠡᠯᠡ ᠮᠥᠩᠭᠦ ᠶᠢ 4 ᠲᠦᠮᠡ ᠭᠠᠷᠤᠶ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2019/7/10
   ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠥᠯᠥᠨ ᠪᠤᠶᠢᠷ ᠬᠤᠲᠠ  ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠨᠥᠬᠦᠪᠥᠷᠢ ᠪᠡᠯᠡ ᠮᠥᠩᠭᠦ ᠶᠢ ᠨᠡᠶᠢᠲᠡ 4 ᠲᠦᠮᠡ ᠭᠠᠷᠤᠶ ᠲᠥᠭᠦᠷᠢᠭ ᠪᠠᠭᠤᠯᠭᠠᠪᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3558.67 ᠲᠦᠮᠡᠨ ᠲᠥᠭᠦᠷᠢᠭ ᠪᠠᠭᠤᠯᠭᠠᠵᠤ᠂ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠠᠴᠠ 881.8 ᠲᠦᠮᠡᠨ ᠲᠥᠭᠦᠷᠢᠭ ᠪᠠᠭᠤᠯᠭᠠᠪᠠ᠃    ᠣᠶᠢᠯᠠᠭᠠᠭᠰᠠᠨ ᠢᠶᠠᠷ᠂ ᠪᠡᠯᠡ ᠮᠥᠩᠭᠦ ᠶᠢ ᠭᠤᠣᠯᠳᠠᠭᠤ ᠵᠡᠮᠳᠡᠭᠴᠦᠳ ᠢ ᠡᠷᠡᠭᠦᠯᠵᠢᠭᠦᠯᠬᠦ ᠨᠥᠬᠦᠪᠥᠷᠢ᠂ ᠵᠡᠮᠳᠡᠭ ᠬᠡᠦᠬᠡᠳ ᠢ  ᠡᠷᠡᠭᠦᠯᠵᠢᠭᠦᠯᠵᠦ ᠠᠪᠤᠷᠠᠨ ᠲᠤᠰᠠᠯᠠᠬᠤ ᠲᠥᠷᠥᠯ ᠵᠦᠢᠯ ᠤᠨ ᠨᠥᠬᠦᠪᠥᠷᠢ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠨᠥᠬᠦᠪᠥᠷᠢ᠂ ᠭᠡᠷ ᠪᠦᠯᠢ ᠶᠢ ᠬᠠᠷᠰᠢ ᠰᠠᠭᠠᠳ ᠦᠭᠡᠶ ᠪᠣᠯᠭᠠᠵᠤ ᠥᠭᠡᠷᠡᠴᠢᠯᠡᠨ ᠰᠠᠶᠢᠵᠢᠷᠠᠭᠤᠯᠬᠤ ᠨᠥᠬᠦᠪᠥᠷᠢ᠂ ᠲᠤᠰᠠᠯᠠᠮᠵᠢ ᠶᠢᠨ ᠪᠠᠭᠠᠵᠢ ᠬᠡᠷᠡᠭᠰᠡᠯ ᠲᠣᠬᠢᠷᠠᠭᠤᠯᠤᠨ ᠥᠭᠬᠦ ᠦᠢᠯᠡᠴᠢᠯᠡᠭᠡᠨ ᠤ ᠲᠥᠷᠥᠯ ᠵᠦᠢᠯ ᠤᠨ ᠨᠥᠬᠦᠪᠥᠷᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠣᠨᠴᠠᠭᠠᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠨᠥᠬᠦᠪᠥᠷᠢ᠂ ᠬᠠᠯᠠᠭᠤᠮᠰᠤᠭ ᠭᠡᠷ ᠣᠷᠣᠨ ᠤ ᠲᠥᠷᠥᠯ ᠵᠦᠢᠯ ᠤᠨ ᠨᠥᠬᠦᠪᠥᠷᠢ᠂ ᠵᠡᠮᠳᠡᠭᠴᠦᠳ ᠢ ᠡᠷᠡᠭᠦᠯᠵᠢᠭᠦᠯᠬᠦ ᠲᠥᠪ ᠤᠨ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠲᠠᠯ᠎ᠠ ᠶᠢᠨ ᠵᠠᠷᠤᠯᠭ᠎ᠠ ᠳᠤ ᠬᠡᠷᠡᠭᠯᠡᠵᠦ᠂ ᠪᠦᠬᠦ ᠬᠤᠲᠠ ᠶᠢᠨ 17 ᠲᠦᠮᠡᠨ ᠵᠡᠮᠳᠡᠭᠴᠦᠳ ᠲᠤ ᠠᠰᠢᠭ ᠬᠦᠷᠲᠡᠭᠡᠨ᠎ᠡ᠃    ᠪᠡᠯᠡ ᠮᠥᠩᠭᠦ ᠶᠢ ᠴᠠᠭ ᠲᠤᠬᠠᠶ ᠳᠤ ᠨᠢ ᠰᠠᠯᠭᠠᠵᠤ ᠥᠭᠬᠦ ᠶᠢᠨ ᠬᠠᠮᠲᠤ᠂ ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠬᠤᠰᠢᠭᠤ ᠬᠤᠲᠠ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠡᠮᠳᠡᠭᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠪᠠᠭᠤᠯᠭᠠᠭᠰᠠᠨ ᠠᠵᠢᠯ ᠤᠨ ᠡᠭᠦᠷᠭᠡ ᠪᠣᠯᠣᠨ ᠬᠡᠷᠡᠭᠵᠢᠭᠦᠯᠬᠦ ᠲᠥᠰᠦᠯ ᠤᠨ ᠶᠣᠰᠣᠭᠠᠷ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠰᠬᠠᠶ ᠵᠦᠢᠯ ᠤᠨ ᠨᠥᠬᠦᠪᠥᠷᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠷᠤᠯᠭ᠎ᠠ ᠶᠢᠨ ᠠᠬᠢᠴᠠ ᠪᠠᠨ ᠲᠦᠷᠭᠡᠳᠬᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠲᠤᠰᠬᠠᠶ ᠵᠣᠭᠤᠰ ᠢ ᠲᠤᠰᠬᠠᠶ ᠵᠦᠢᠯ ᠳᠤ ᠨᠢ ᠬᠡᠷᠡᠭᠯᠡᠬᠦ ᠶᠢ ᠦᠨᠡᠨᠬᠦ ᠪᠡᠶᠡᠯᠡᠭᠦᠯᠵᠦ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠦᠨᠡᠨᠬᠦ ᠠᠰᠢᠭ ᠬᠦᠷᠲᠡᠭᠡᠬᠦ ᠶᠢ ᠱᠠᠭᠠᠷᠳᠠᠪᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号