ᠪᠤᠭᠤᠲᠤ ᠬᠤᠲᠠ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠳᠠᠩᠰᠠ ᠶᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2019/7/11
      ᠣᠶᠢᠷ᠎ᠠ ᠳᠤ᠂ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠤᠷᠠᠯ ᠬᠤᠷᠠᠯᠳᠤᠭᠤᠯᠵᠤ᠂ ︽ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠳᠠᠩᠰᠠ ︵2018 ᠣᠨ ᠤ ᠬᠡᠪᠯᠡᠯ︶᠎ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠳᠠᠯᠳᠤᠭᠠᠨ ᠤ ᠶᠠᠪᠤᠳᠠᠯ ᠤᠨ ᠶᠠᠮᠤᠨ ᠤ ᠮᠡᠳᠡᠭᠳᠡᠯ︾᠎ ᠢ ᠤᠯᠠᠮᠵᠢᠯᠠᠨ ᠰᠤᠷᠤᠯᠴᠠᠪᠠ᠃      ᠨᠠᠷᠢᠨ ᠳᠠᠩᠰᠠ ᠶᠢᠨ ᠭᠤᠤᠯ ᠴᠣᠭᠴᠠ ᠳᠤ ︽ᠣᠷᠣᠬᠤ ᠶᠢ ᠴᠠᠭᠠᠵᠠᠯᠠᠬᠤ ᠲᠥᠷᠥᠯ︾ ᠪᠠ ︽ᠣᠷᠣᠬᠤ ᠶᠢ ᠵᠥᠪᠰᠢᠶᠡᠷᠡᠬᠦ ᠲᠥᠷᠥᠯ︾ ᠭᠡᠬᠦ ᠬᠤᠶᠠᠷ ᠶᠡᠭᠡ ᠲᠥᠷᠥᠯ᠂ ᠨᠡᠶᠢᠲᠡ 151 ᠵᠦᠢᠯᠡᠰ᠂ 581 ᠵᠦᠢᠯ ᠤᠨ ᠪᠣᠳᠠᠲᠠᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠭᠲᠠᠭᠠᠵᠤ᠂ ᠡᠭᠦᠨ ᠠᠴᠠ ᠡᠮᠦᠨᠡᠬᠢ ᠲᠤᠷᠰᠢᠯᠲᠠ ᠶᠢᠨ ᠬᠡᠪᠯᠡᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠪᠠᠯ᠂ 177 ᠵᠦᠢᠯᠡᠰ ᠪᠠᠭᠠᠰᠴᠤ᠂ ᠪᠣᠳᠠᠲᠠᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ 288  ᠵᠦᠢᠯ ᠪᠠᠭᠠᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠨᠠᠷᠢᠨ ᠳᠠᠩᠰᠠ ᠶᠢᠨ ᠵᠦᠢᠯᠡᠰ ᠪᠣᠯᠤᠨ ᠪᠣᠳᠠᠲᠠᠶ ᠬᠢᠨᠠᠨ ᠵᠥᠪᠰᠢᠶᠡᠷᠡᠬᠦ ᠬᠤᠶᠠᠷ ᠲᠠᠯ᠎ᠠ ᠶᠢᠨ ᠠᠰᠠᠭᠤᠳᠠᠯ ᠰᠠᠯᠤᠩᠭᠢᠷᠠᠬᠤ ᠠᠴᠠ ᠵᠠᠶᠢᠯᠠᠰᠬᠢᠬᠦ ᠬᠡᠷᠡᠭᠲᠡᠶ︔ ︽ᠪᠦᠬᠦ ᠤᠯᠤᠰ ᠢᠶᠠᠷ ᠢᠶᠠᠨ ᠨᠢᠭᠡ ᠬᠠᠭᠤᠳᠠᠰᠤ ᠨᠠᠷᠢᠨ ᠳᠠᠩᠰᠠ ᠲᠠᠢ ᠪᠠᠶᠢᠬᠤ︾᠎ ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠨᠠᠵᠠᠭᠠᠶ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠤᠨ ᠨᠢᠭᠡᠳᠦᠯᠲᠡᠶ ᠴᠢᠨᠠᠷ᠂ ᠲᠥᠪ ᠴᠢᠩᠭ᠎ᠠ ᠴᠢᠨᠠᠷ ᠪᠣᠯᠣᠨ ᠡᠷᠬᠡ ᠰᠦᠷᠲᠦ ᠴᠢᠨᠠᠷ ᠢ ᠪᠠᠲᠤᠯᠠᠬᠤ ᠬᠡᠷᠡᠭᠲᠡᠢ︔ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠫᠣᠷᠲ᠋ᠧᠯ ᠰᠦᠯᠵᠢᠶ᠎ᠡ᠂ ᠡᠯ᠎ᠡ ᠰᠠᠯᠠᠭ᠎ᠠ ᠮᠥᠴᠢᠷ ᠤᠨ ᠫᠣᠷᠲ᠋ᠧᠯ ᠰᠦᠯᠵᠢᠶ᠎ᠡ ᠪᠠᠷ ᠳᠠᠮᠵᠢᠭᠤᠯᠤᠨ᠂ ᠨᠠᠵᠠᠭᠠᠶ ᠲᠠᠯ᠎ᠠ ᠶᠢᠨ ᠨᠠᠷᠢᠨ ᠳᠠᠩᠰᠠ ᠵᠢᠴᠢ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠪᠠ ᠨᠠᠷᠢᠨ ᠬᠠᠭᠤᠳᠠᠰᠤ ᠶᠢ ᠬᠡᠷᠡᠭᠯᠡᠬᠦ ᠳᠤ ᠳᠥᠭᠦᠮ ᠳᠥᠲᠡ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠷᠬᠡ ᠲᠡᠭᠰᠢ ᠪᠠᠷ ᠥᠷᠢᠰᠦᠯᠳᠦᠬᠦ᠂ ᠳᠥᠭᠦᠮ ᠳᠥᠲᠡ ᠥᠨᠳᠥᠷ ᠪᠦᠲᠦᠮᠵᠢᠲᠡᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠶ ᠭᠡᠵᠡᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号