ᠣᠶᠢᠷ᠎ᠠ ᠳᠤ᠂ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠲᠤᠰᠬᠠᠶ ᠮᠡᠷᠭᠡᠵᠢᠯᠲᠡᠨ ᠤᠷᠢᠵᠤ ᠪᠥᠬᠦ ᠬᠤᠲᠠ ᠶᠢᠨ ᠠᠶᠤᠯ ᠲᠠᠢ ᠬᠢᠮᠢ ᠶᠢᠨ ᠪᠣᠳᠠᠰ᠂ ᠲᠡᠮᠦᠷᠯᠢᠭ ᠬᠠᠶᠢᠯᠤᠭᠤᠯᠬᠤ᠂ | ᠨᠡᠭᠦᠷᠡᠰᠦᠨ ᠤ ᠪᠤᠰᠤ ᠠᠭᠤᠷᠬᠠᠶ ᠵᠡᠷᠭᠡ ᠬᠦᠷᠢᠶᠡᠨ ᠳᠤ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠰᠢᠭᠰᠢᠨ | ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | ᠲᠣᠰ ᠤᠳᠠᠭ᠎ᠠ ᠶᠢᠨ ᠰᠢᠭᠰᠢᠨ ᠪᠠᠶᠢᠴᠠᠭᠠᠯᠲᠠ ᠨᠢ ︽ᠴᠢᠩᠭ᠎ᠠ ᠪᠠᠶᠢᠴᠠᠭᠠᠬᠤ᠂ ᠬᠦᠨᠳᠦ ᠪᠠᠷ ᠲᠣᠷᠭᠠᠬᠤ᠂ | ᠬᠠᠭᠠᠵᠤ ᠵᠣᠭᠰᠣᠭᠠᠬᠤ︾ ᠰᠦᠷ ᠬᠦᠴᠦᠲᠦ ᠪᠠᠶᠢᠳᠠᠯ ᠠᠴᠠ ᠡᠭᠦᠰᠴᠦ᠂ ᠪᠠᠶᠢᠴᠠᠭᠠᠯᠲᠠ ᠶᠢᠨ ᠬᠤᠭᠤᠴᠠᠭᠠᠨ ᠳᠤ᠂ | ᠨᠡᠶᠢᠲᠡ 24 ᠠᠵᠤ ᠠᠬᠤᠢᠯᠠᠯ ᠢ ᠪᠠᠶᠢᠴᠠᠭᠠᠵᠤ ᠭᠠᠷᠭᠠᠪᠠ᠂ ᠡᠭᠦᠨ ᠳᠤ ᠶᠠᠭ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ | ᠠᠭᠤᠷᠬᠠᠢ ᠶᠢᠨ ᠪᠤᠰᠤ 4 ᠠᠵᠤ ᠠᠬᠤᠶᠢᠯᠠᠯ ᠳᠤ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠪᠠᠶᠢᠴᠠᠭᠠᠵᠦ | ᠶᠡᠭᠡ ᠪᠠᠷ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ 60 ᠵᠦᠢᠯ ᠤᠨ ᠡᠯ᠎ᠡ ᠲᠥᠷᠥᠯ ᠤᠨ ᠠᠮᠤᠷ ᠲᠦᠪᠰᠢᠨ ᠤ | ᠠᠰᠠᠭᠤᠳᠠᠯ ᠪᠣᠯᠤᠨ ᠬᠡᠮ ᠰᠣᠭᠤᠭ ᠢ ᠢᠯᠡᠷᠡᠭᠦᠯᠵᠦ᠂ ᠦᠢᠯᠡᠳᠪᠦᠷᠢᠯᠡᠯ ᠢ ᠨᠢ ᠵᠣᠭᠰᠣᠭᠠᠬᠤ ᠪᠠᠷ ᠵᠠᠷᠯᠢᠭᠳᠠᠪᠠ᠃ | ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ 8 ᠠᠵᠤ ᠠᠬᠤᠢᠯᠠᠯ ᠠᠴᠠ ᠠᠰᠠᠭᠤᠳᠠᠯ ᠤᠨ ᠳᠠᠯᠳᠠ | ᠭᠡᠮ ᠢ ᠨᠡᠶᠢᠲᠡ 216 ᠵᠣᠷᠪᠣᠰ ᠢᠯᠡᠷᠡᠭᠦᠯᠵᠦ᠂ ᠡᠷᠢᠵᠦ ᠣᠯᠤᠭᠰᠠᠨ ᠠᠰᠠᠭᠤᠳᠠᠯ ᠤᠨ ᠳᠠᠯᠳᠠ ᠭᠡᠮ ᠢ ᠴᠠᠭ | ᠲᠤᠬᠠᠶ ᠳᠤ ᠨᠢ ᠠᠵᠤ ᠠᠬᠤᠢᠯᠠᠯ ᠯᠦᠭᠡ ᠰᠠᠨᠠᠯ ᠢᠶᠠᠨ ᠰᠣᠯᠢᠯᠴᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ | ᠴᠠᠭ ᠤᠨ ᠬᠢᠵᠠᠭᠠᠷ ᠢ ᠳᠤᠷᠠᠳᠪᠠ᠂ ᠲᠡᠮᠦᠷᠯᠢᠭ ᠬᠠᠶᠢᠯᠤᠭᠤᠯᠬᠤ 12 ᠠᠵᠤ ᠠᠬᠤᠢᠯᠠᠯ ᠠᠴᠠ 276 ᠵᠦᠢᠯ ᠤᠨ | ᠠᠰᠠᠭᠤᠳᠠᠯ ᠤᠨ ᠳᠠᠯᠳᠠ ᠭᠡᠮ ᠢ ᠰᠢᠭᠰᠢᠨ ᠪᠠᠶᠢᠴᠠᠭᠠᠵᠤ ᠣᠯᠪᠠ᠃ | ᠪᠠᠶᠢᠴᠠᠭᠠᠯᠲᠠ ᠪᠠᠷ ᠳᠠᠮᠵᠢᠨ᠂ ᠲᠤᠰᠬᠠᠶ ᠮᠡᠷᠭᠡᠵᠢᠯᠲᠡᠨ ᠤ ᠰᠠᠨᠠᠯ ᠢ ᠦᠨᠳᠦᠰᠦᠯᠡᠨ᠂ ᠣᠯᠵᠤ ᠮᠡᠳᠡᠭᠰᠡᠨ ᠠᠮᠤᠷ | ᠲᠦᠪᠰᠢᠨ ᠤ ᠳᠠᠯᠳᠠ ᠭᠡᠮ ᠪᠣᠯᠤᠨ ᠠᠰᠠᠭᠤᠳᠠᠯ ᠳᠤ ᠥᠴᠦᠬᠡᠨ ᠴᠦ ᠢᠯᠳᠠᠷ ᠬᠠᠶᠠᠬᠤ ᠦᠭᠡᠢ ᠪᠠᠶᠢᠵᠤ᠂ | ᠪᠠᠶᠢᠴᠠᠭᠠᠭᠰᠠᠨ ᠦᠷ᠎ᠡ ᠳ᠋ᠦᠩ ᠢᠶᠠᠨ ᠠᠵᠤ ᠠᠬᠤᠶᠢᠯᠠᠯ ᠲᠠᠢ ᠨᠢᠭᠤᠷᠳᠠᠨ ᠰᠠᠨᠠᠯ ᠢᠶᠠᠨ ᠰᠣᠯᠢᠯᠴᠠᠵᠤ᠂ ᠠᠰᠠᠭᠤᠳᠠᠯ ᠢ | ᠮᠠᠭᠠᠳᠯᠠᠨ ᠲᠣᠭᠲᠠᠭᠠᠬᠤ ᠶᠢᠨ ᠬᠠᠮᠲᠤ ᠰᠢᠢᠳᠪᠦᠷᠢᠯᠡᠬᠦ ᠲᠣᠭᠲᠠᠭᠠᠯ ᠭᠠᠷᠭᠠᠪᠠ᠃ ᠪᠠᠶᠢᠴᠠᠭᠠᠬᠤ ᠳᠤᠭᠤᠶᠢᠯᠠᠩ | ᠠᠵᠢᠯ ᠢᠶᠠᠨ ᠬᠢᠬᠦ ᠶᠢᠨ ᠬᠠᠮᠲᠤ ᠢᠯᠡᠳᠲᠡ ᠦᠷ᠎ᠡ ᠪᠦᠲᠦᠮᠵᠢ ᠣᠯᠪᠠ᠃ |