2019 ᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠤᠯᠠᠭᠠᠨᠬᠠᠳᠠ ᠬᠤᠲᠠ ᠬᠤᠲᠠ ᠶᠢᠨ | ᠲᠣᠰ ᠱᠠᠲᠤᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠤ ᠲᠣᠭᠲᠠᠭᠰᠠᠨ ᠴᠡᠭ ᠤᠨ | ᠬᠢᠵᠠᠭᠠᠷᠯᠠᠯ ᠢ ᠬᠦᠴᠦᠨ ᠥᠬᠡᠶ ᠪᠣᠯᠭᠠᠪᠠ᠃ ᠤᠯᠠᠭᠠᠨᠬᠠᠳᠠ ᠬᠤᠲᠠ ᠶᠢᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠭᠦᠳᠡᠨ ᠡᠮᠨᠡᠯᠭᠡ ᠶᠢᠨ ᠪᠠᠷᠢᠮᠵᠢᠶ᠎ᠠ ᠳᠤ ᠨᠡᠶᠢᠴᠡᠬᠦ ᠬᠤᠲᠠ ᠶᠢᠨ ᠲᠣᠰ ᠱᠠᠲᠤᠨ ᠤ ᠠᠵᠢᠯᠲᠠᠨ | ᠠᠵᠢᠯᠴᠢᠨ ᠤ ᠡᠪᠡᠳᠴᠢᠲᠡᠨ ᠣᠨᠣᠰᠢᠯᠠᠨ ᠵᠠᠰᠠᠬᠤ ᠨᠥᠬᠦᠴᠡᠯ ᠢ ᠪᠦᠷᠢᠯᠳᠦᠭᠦᠯᠦᠭᠰᠡᠨ ᠬᠤᠶᠠᠳᠤᠭᠠᠷ ᠳᠡᠰ ᠵᠢᠴᠢ | ᠲᠡᠭᠦᠨ ᠠᠴᠠ ᠳᠡᠭᠡᠭᠰᠢᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠳᠠᠩᠰᠠᠯᠠᠭᠤᠯᠤᠨ ᠲᠡᠮᠳᠡᠭᠯᠡᠭᠦᠯᠵᠦ | ᠪᠣᠯᠤᠨ᠎ᠠ᠃ | ᠲᠣᠭᠲᠠᠭᠰᠠᠨ ᠨᠣᠷᠮ᠎ᠠ ᠪᠠᠷ ᠬᠠᠮᠢᠶᠠᠷᠴᠤ ᠪᠠᠶᠢᠭ᠎ᠠ ᠡᠭᠦᠳᠡᠨ ᠡᠮᠨᠡᠯᠭᠡ ᠶᠢᠨ ᠠᠷᠬᠠᠭ ᠡᠪᠡᠳᠴᠢᠲᠡᠨ ᠲᠤᠰ ᠵᠢᠯ | ᠤᠨ ᠳᠣᠲᠣᠷ᠎ᠠ ᠠᠩᠬ᠎ᠠ ᠤᠳᠠᠭ᠎ᠠ ᠳᠠᠩᠰᠠᠯᠠᠭᠤᠯᠤᠭᠰᠠᠨ ᠪᠠᠶᠢᠪᠠᠯ᠂ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠶᠢ ᠡᠵᠡᠨ ᠮᠡᠳᠡᠵᠦ ᠰᠣᠩᠭᠤᠨ᠎ᠠ︔ ᠨᠢᠭᠡᠨᠲᠡ ᠳᠠᠩᠰᠠᠯᠠᠭᠤᠯᠤᠭᠰᠠᠨ ᠪᠠᠶᠢᠪᠠᠯ᠂ ᠲᠣᠰ ᠵᠢᠯ | ᠳᠠᠭᠤᠰᠤᠭᠰᠠᠨ ᠤ ᠳᠠᠷᠠᠭ᠎ᠠ᠂ ᠳᠠᠷᠠᠭ᠎ᠠ ᠵᠢᠯ ᠠᠴᠠ ᠡᠬᠢᠯᠡᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ | ᠡᠵᠡᠨ ᠮᠡᠳᠡᠨ ᠰᠣᠩᠭᠤᠨ᠎ᠠ᠃ ᠡᠮᠨᠡᠯᠭᠡ ᠳᠤ ᠰᠠᠭᠤᠵᠤ ᠬᠠᠮᠢᠶᠠᠷᠤᠭᠤᠯᠤᠭᠰᠠᠨ ᠡᠭᠦᠳᠡᠨ ᠡᠮᠨᠡᠯᠭᠡ ᠶᠢᠨ ᠠᠷᠬᠠᠭ | ᠡᠪᠡᠳᠴᠢᠨ ᠤ ᠡᠮᠴᠢᠯᠡᠭᠡᠨ ᠤ ᠦᠶᠡᠯᠡᠯ ᠳᠠᠭᠤᠰᠤᠭᠰᠠᠨ ᠤ ᠳᠠᠷᠠᠭ᠎ᠠ᠂ ᠳᠠᠷᠠᠭ᠎ᠠ ᠤᠳᠠᠭᠠᠨ ᠤ ᠡᠭᠦᠳᠡᠨ ᠡᠮᠨᠡᠯᠭᠡ ᠶᠢᠨ | ᠡᠮᠴᠢᠯᠡᠭᠡᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠥᠪᠡᠰᠦᠪᠡᠨ ᠰᠣᠩᠭᠤᠵᠤ ᠪᠣᠯᠤᠨ᠎ᠠ᠃ ᠡᠭᠦᠳᠡᠨ | ᠡᠮᠨᠡᠯᠭᠡ ᠶᠢᠨ ᠵᠠᠷᠤᠳᠠᠯ ᠢ ᠴᠥᠮ ᠲᠣᠭᠲᠠᠭᠰᠠᠨ ᠡᠮᠴᠢᠯᠡᠭᠡᠨ ᠤ ᠪᠠᠶᠢᠭᠤᠯᠣᠮᠵᠢ ᠳᠤ ᠰᠢᠭᠤᠳ ᠲᠠᠰᠤᠯᠤᠨ ᠪᠣᠳᠣᠵᠣ | ᠪᠣᠯᠣᠨ᠎ᠠ᠃ | ᠬᠤᠲᠠ ᠶᠢᠨ ᠲᠣᠰ ᠱᠠᠲᠤᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠤ | ᠲᠣᠭᠲᠠᠭᠰᠠᠨ ᠴᠡᠭ ᠤᠨ ᠬᠠᠮᠢᠶᠠᠷᠤᠯᠲᠠ ᠶᠢ ᠬᠦᠴᠦᠨ ᠦᠭᠡᠢ ᠪᠣᠯᠭᠠᠬᠤ ᠪᠣᠯ ᠬᠤᠲᠠ ᠶᠢᠨ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ ᠶᠢᠨ ︽ᠲᠠᠯᠪᠢᠬᠤ ᠬᠠᠮᠢᠶᠠᠷᠬᠤ ᠤᠢᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ | ᠦᠭᠡᠢ ᠭᠦᠨᠵᠡᠭᠡᠶ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠠᠶᠢᠵᠤ᠂ ᠡᠪᠡᠳᠴᠢᠲᠡᠨ ᠤ ᠦᠢᠷ᠎ᠠ | ᠬᠠᠪᠢ ᠳᠤ ᠪᠠᠨ ᠡᠮᠨᠡᠭᠦᠯᠬᠦ ᠳᠤ ᠳᠥᠭᠦᠮ ᠦᠵᠡᠭᠦᠯᠬᠦ ᠪᠣᠯᠤᠨ᠎ᠠ᠃ |