ᠨᠢᠭᠡ ᠳᠤ ᠬᠤᠳᠠᠯᠳᠤᠭᠠᠨ ᠤ ᠵᠦᠢᠯᠡᠰ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ | ᠠᠵᠤ ᠠᠬᠤᠶᠢᠯᠠᠯ ᠳᠤ ᠬᠤᠯᠪᠣᠭᠳᠠᠭᠰᠠᠨ ᠦᠨᠡᠮᠯᠡᠯ ᠤᠨ ᠵᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠪᠦᠬᠦ ᠶᠠᠪᠤᠴᠠ ᠶᠢ ᠴᠠᠭᠠᠰᠤ ᠦᠭᠡᠶᠢᠵᠢᠭᠦᠯᠵᠦ ᠡᠯᠧᠺᠲᠷᠣᠨᠵᠢᠭᠦᠯᠦᠨ ᠳᠠᠩᠰᠠᠯᠠᠬᠤ ᠶᠢ ᠠᠬᠢᠭᠤᠯᠵᠤ᠂ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠳᠦᠭᠦᠮ | ᠳᠦᠳᠡ ᠪᠠᠷ ᠬᠦᠴᠦᠨ ᠥᠬᠡᠶ ᠪᠣᠯᠭᠠᠬᠤ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠵᠦ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠦᠴᠦᠨ ᠥᠬᠡᠶ ᠪᠣᠯᠭᠠᠬᠤ ᠲᠤᠬᠠᠶᠢᠯᠠᠭᠰᠠᠨ ᠠᠵᠢᠯ ᠶᠢᠨ ︽ᠮᠡᠳᠡᠭᠡ ᠵᠠᠩᠭᠢ ᠶᠢ ᠬᠠᠮᠲᠤᠪᠠᠷ | ᠬᠦᠷᠲᠡᠬᠦ᠂ ᠵᠡᠷᠭᠡᠪᠡᠷ ᠵᠢᠭᠠᠨ ᠵᠢᠯᠣᠭᠤᠳᠬᠤ︾ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠬᠦᠴᠦᠨ ᠥᠬᠡᠶ | ᠪᠣᠯᠭᠠᠬᠤ ᠵᠦᠢᠯ ᠳᠤ ︽ᠨᠢᠭᠡ ᠰᠦᠯᠵᠢᠶ᠎ᠡ︾ ᠪᠠᠷ ᠦᠢᠯᠡᠴᠢᠯᠡᠬᠦ ᠪᠡᠶᠡᠯᠡᠭᠦᠯᠵᠦ᠂ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠣᠷᠣᠬᠤ ᠪᠠ ᠤᠬᠤᠷᠢᠨ ᠭᠠᠷᠬᠤ ᠳᠤ ᠳᠥᠭᠦᠮ ᠦᠵᠡᠭᠦᠯᠬᠦ ᠲᠦᠪᠰᠢᠨ ᠢ ᠬᠠᠮᠤᠭ ᠤᠨ ᠶᠡᠭᠡ ᠬᠡᠮᠵᠢᠶ᠎ᠡ | ᠪᠠᠷ ᠳᠡᠭᠡᠭᠰᠢᠯᠡᠭᠦᠯᠪᠡ᠃ ᠬᠤᠶᠠᠷ ᠲᠤ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠦᠨ᠎ᠡ ᠬᠠᠩᠰᠢ ᠶᠢ ᠢᠯᠡ ᠬᠠᠳᠠᠬᠤ ᠠᠵᠢᠯᠯᠠᠭ᠎ᠠ | ᠶᠢ ᠵᠢᠷᠤᠮᠵᠢᠭᠤᠯᠵᠤ᠂ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨᠬᠦ ᠬᠠᠮᠠᠭᠠᠯᠠᠪᠠ᠃ | ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠠ ᠪᠣᠯᠭᠠᠬᠤ︾ ᠬᠡᠷᠡᠭᠵᠢᠭᠦᠯᠬᠦ ᠰᠠᠨᠠᠯ ᠢ ᠨᠠᠶᠢᠳᠠᠪᠤᠷᠢᠵᠢᠭᠤᠯᠤᠭᠠᠳ᠂ | ᠨᠡᠶᠢᠲᠡ 10087 ᠵᠦᠶᠯ ᠤᠨ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠶᠯᠡᠰ ᠤᠨ ᠨᠠᠷᠢᠨ ᠬᠠᠭᠤᠳᠠᠰᠤ ᠶᠢ | ᠣᠷᠣᠭᠤᠯᠵᠤ᠂ 615 ᠵᠦᠶᠯ ᠤᠨ ᠰᠤᠭᠤᠴᠢᠨ ᠪᠠᠶᠢᠴᠠᠭᠠᠬᠤ ᠡᠭᠦᠷᠭᠡ ᠶᠢ ᠲᠣᠭᠲᠠᠭᠠᠪᠠ᠃ ᠭᠤᠣᠯᠳᠠᠯᠭ᠎ᠠ ᠪᠠᠨ | ᠲᠣᠪᠣᠶᠢᠯᠭᠠᠨ ᠬᠢᠨᠠᠨ ᠬᠠᠮᠢᠶᠠᠷᠴᠤ᠂ ᠳᠡᠭᠡᠷ᠎ᠡ ᠬᠠᠭᠠᠰ ᠵᠢᠯ ᠳᠤ ᠨᠡᠶᠢᠲᠡ 11725 ᠡᠷᠦᠬᠡ ᠡᠯ᠎ᠡ ᠲᠥᠷᠥᠯ ᠤᠨ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠶᠢᠴᠠᠭᠠᠵᠤ᠂ 1449 ᠳᠠᠯᠳᠠ ᠭᠡᠮ ᠤᠨ ᠠᠰᠠᠭᠤᠳᠠᠯ ᠢ ᠢᠯᠡᠷᠡᠭᠦᠯᠵᠦ᠂ | ᠣᠳᠣᠬᠠᠨ ᠳᠤ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 96 % ᠠᠴᠠ ᠳᠡᠭᠡᠭᠰᠢ ᠳᠤ ᠬᠦᠷᠪᠡ᠃ ᠢᠳᠡᠭᠡᠨ | ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠢ ᠬᠡᠮᠵᠢᠶᠡᠵᠢᠭᠦᠯᠵᠦ ᠵᠡᠷᠭᠡ ᠬᠤᠪᠢᠶᠠᠨ ᠳᠡᠰ | ᠳᠡᠪᠰᠢᠭᠦᠯᠬᠦ ᠢᠨᠵᠧᠨᠧᠷᠢᠩ ᠪᠣᠯᠣᠨ ︽ᠠᠷᠢᠭᠤᠨ ᠴᠡᠪᠡᠷ ᠲᠣᠭᠤᠭᠠᠨ ᠭᠡᠷ ᠲᠠᠢ ᠪᠣᠯᠭᠠᠬᠤ︾ ᠢᠨᠵᠧᠨᠧᠷᠢᠩ ᠢ | ᠬᠡᠷᠡᠭᠵᠢᠭᠦᠯᠵᠦ᠂ ᠬᠡᠮᠵᠢᠶᠡᠵᠢᠭᠦᠯᠵᠦ ᠳᠡᠰ ᠬᠤᠪᠢᠶᠠᠭᠰᠠᠨ ᠨᠣᠷᠮ᠎ᠠ 96.1 % ᠳᠤ ᠬᠦᠷᠴᠦ᠂ ︽ᠠᠷᠢᠭᠤᠨ ᠴᠡᠪᠡᠷ | ᠲᠣᠭᠤᠭᠠᠨ ᠭᠡᠷ ᠲᠠᠢ ᠪᠣᠯᠭᠠᠬᠤ︾ ᠶᠢ ᠬᠡᠷᠡᠭᠵᠢᠭᠦᠯᠦᠭᠰᠡᠨ ᠨᠣᠷᠮ᠎ᠠ 74.5 % ᠳᠤ ᠬᠦᠷᠪᠡ᠃ ᠭᠤᠷᠪᠠ ᠳᠤ | ᠵᠠᠭᠤᠴᠢ ᠦᠶᠯᠡᠴᠢᠯᠡᠭᠡ ᠶᠢ ᠢᠯᠭᠠᠷᠠᠭᠤᠯᠤᠨ ᠵᠢᠷᠤᠮᠵᠢᠭᠤᠯᠪᠠ᠃ ᠡᠵᠡᠩᠨᠡᠯᠲᠡ ᠶᠢᠨ ᠴᠢᠨᠠᠷᠲᠠᠶ ᠰᠦᠶᠳᠬᠡᠯ ᠬᠤᠷᠢᠶᠠᠵᠤ | ᠥᠪᠡᠷ ᠤᠨ ᠥᠷᠲᠡᠭ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠣᠰᠣᠭᠠᠷ᠂ ᠬᠡᠰᠡᠭ | ᠬᠦᠷᠢᠶᠡᠨ ᠳᠠᠬᠢ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠬᠤ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠪᠡ᠃ ᠭᠤᠤᠯᠳᠠᠯᠭ᠎ᠠ ᠲᠠᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ | ᠤᠷᠢᠳᠠᠴᠢ ᠵᠠᠭᠤᠴᠢ ᠦᠶᠯᠡᠴᠢᠯᠡᠭᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠦᠨᠳᠦᠰᠦᠯᠡᠯ ᠢ ᠡᠮᠬᠢᠯᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠭᠤᠴᠢ ᠪᠠᠶᠢᠭᠤᠯᠤᠮᠵᠢ ᠳᠤ ᠨᠠᠶᠢᠳᠠᠬᠤ ᠶᠢᠨ | ᠬᠠᠮᠲᠤ ᠰᠦᠶᠳᠬᠡᠯ ᠲᠤᠰᠢᠶᠠᠬᠤ ᠶᠢ ᠨᠢ ᠰᠢᠮᠳᠠᠭᠤᠯᠵᠤ ᠪᠠᠶᠢᠭᠠᠳ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠪᠠ᠃ | ᠳᠥᠷᠪᠡ ᠳᠤ ᠣᠯᠠᠨ ᠠᠷᠭ᠎ᠠ ᠬᠡᠮᠵᠢᠶ᠎ᠡ ᠠᠪᠴᠤ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ | ᠲᠦᠷᠭᠡᠳᠬᠡᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠵᠦᠶᠯᠡᠰ ᠤᠨ ᠨᠠᠷᠢᠨ ᠳᠠᠩᠰᠠ ᠶᠢ ᠨᠡᠶᠢᠭᠡᠮ ᠨᠡᠶᠢᠲᠡ ᠳᠤ ᠨᠡᠶᠢᠲᠡᠯᠡᠵᠦ᠂ | ︽ᠨᠢᠭᠡᠯᠡ ᠭᠤᠶᠤᠴᠢᠯᠠᠵᠤ᠂ ᠵᠡᠷᠭᠡ ᠳᠤᠨᠢ ᠬᠦᠯᠢᠶᠡᠨ ᠠᠪᠴᠤ ᠰᠢᠶᠳᠪᠦᠷᠢᠯᠡᠬᠦ᠂ ᠨᠡᠶᠢᠯᠡᠭᠦᠯᠦᠨ ᠬᠢᠨᠠᠨ ᠪᠠᠶᠢᠴᠠᠭᠠᠬᠤ᠂ | ᠨᠢᠭᠡ ᠴᠣᠩᠬᠤᠪᠴᠢ ᠪᠠᠷ ᠣᠯᠭᠤᠬᠤ︾ ᠭᠦᠶᠴᠡᠳᠬᠡᠬᠦ ᠴᠤᠪᠤᠷᠠᠯ ᠤᠨ ᠶᠣᠰᠣᠭᠠᠷ᠂ ︽ᠭᠡᠷᠡᠴᠢ ᠦᠨᠡᠮᠯᠡᠯ ᠢ | ᠬᠠᠮᠲᠤᠷᠠᠨ ᠭᠦᠶᠴᠡᠳᠬᠡᠬᠦ︾ ᠶᠢ ᠬᠡᠷᠡᠭᠵᠢᠭᠦᠯᠵᠦ᠂ ᠣᠯᠠᠨ ᠲᠦᠮᠡᠨ ᠤ ᠶᠠᠪᠤᠳᠠᠯ ᠭᠦᠶᠴᠡᠳᠬᠡᠬᠦ ᠳᠤ ᠳᠥᠭᠦᠮ | ᠦᠵᠡᠭᠦᠯᠪᠡ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠤᠨ | ᠭᠤᠤᠯ ᠴᠣᠭᠴᠠ 12.3 ᠲᠦᠮᠡᠨ ᠡᠷᠦᠬᠡ ᠶᠢ ᠳᠠᠪᠠᠵᠤ᠂ ᠳᠠᠩᠰᠠᠯᠠᠭᠤᠯᠤᠭᠰᠠᠨ ᠬᠥᠷᠥᠩᠭᠡ ᠮᠥᠩᠭᠦ ᠨᠢ 2098. | 63 ᠳ᠋ᠦᠩᠰᠢᠭᠤᠷ ᠲᠥᠭᠦᠷᠢᠭ ᠲᠤ ᠬᠦᠷᠴᠦ᠂ ᠥᠭᠡᠷᠡᠴᠢᠯᠡᠯᠲᠡ ᠠᠴᠠ ᠡᠮᠦᠨᠡᠬᠢ ᠲᠠᠢ ᠬᠠᠷᠢᠴᠠᠭᠤᠯᠪᠠᠯ ᠲᠣᠰ ᠲᠣᠰ | 81.89 % ᠪᠠ 201.77 % ᠨᠡᠮᠡᠭᠳᠡᠵᠡᠶ᠃ |