ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠪᠠᠭ ᠤᠨ ᠪᠦᠷᠢᠯᠳᠦᠬᠦᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ︽ᠰᠠᠨᠠᠯ ᠬᠤᠷᠢᠶᠠᠬᠤ ᠬᠠᠶᠢᠷᠴᠠᠭ︾᠂ ︽ᠲᠤᠰᠬᠠᠶ ᠰᠢᠤᠳᠠᠨ ᠤ ᠬᠠᠶᠢᠷᠴᠠᠭ︾᠂ ︽ᠢᠨᠲ᠋ᠧᠷ ᠰᠦᠯᠵᠢᠶᠡᠨ ᠤ ᠦᠭᠡ ᠦᠯᠡᠳᠡᠭᠡᠬᠦ ᠰᠠᠮᠪᠠᠷ᠎ᠠ︾ ᠪᠠᠶᠢᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2019/7/16

      ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ

︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠵᠦ ᠪᠣᠢ᠃ ᠣᠯᠠᠨ ᠲᠠᠯ᠎ᠠ ᠶᠢᠨ ᠰᠠᠨᠠᠯ ᠢ ᠰᠤᠨᠤᠰᠴᠦ᠂ ᠬᠢᠨᠠᠮᠠᠭᠠᠢ ᠪᠠᠶᠢᠴᠠᠭᠠᠨ ᠦᠵᠡᠵᠦ ᠪᠣᠳᠤᠯᠬᠢᠯᠠᠨ᠂ ᠠᠰᠠᠭᠤᠳᠠᠯ ᠢ ᠭᠦᠨᠵᠡᠭᠡᠶ ᠡᠷᠢᠬᠦ ᠶᠢᠨ ᠲᠥᠯᠥᠭᠡ᠂ ᠡᠳᠦᠭᠡ ᠳᠣᠤᠷᠠᠬᠢ ᠠᠰᠠᠭᠤᠳᠠᠯ ᠤᠨ ᠲᠤᠬᠠᠶ ᠢᠯᠡ ᠪᠠᠷ ᠰᠠᠨᠠᠯ ᠬᠤᠷᠢᠶᠠᠬᠤ ᠪᠠᠷ ᠪᠣᠯᠪᠠ᠄
     ᠨᠢᠭᠡ᠂ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ

︽ᠳᠥᠷᠪᠡ ᠶᠢ ᠬᠠᠷᠢᠴᠠᠭᠤᠯᠬᠤ︾ ︽ᠳᠥᠷᠪᠡ ᠶᠢ ᠡᠷᠢᠬᠦ︾ ᠱᠠᠭᠠᠷᠳᠠᠯᠭ᠎ᠠ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠳᠤ ᠦᠨᠡᠯᠡᠯᠲᠡ ᠥᠭᠭᠦᠨ᠎ᠡ︔
     ᠬᠤᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠡᠯ᠎ᠡ ᠭᠠᠵᠠᠷ ᠣᠷᠣᠨ ᠪᠣᠯᠤᠨ ᠦᠨᠳᠦᠰᠦᠨ ᠱᠠᠲᠤᠨ ᠤ ᠣᠯᠠᠨ ᠲᠦᠮᠡᠨ ᠳᠤ ᠦᠢᠯᠡᠴᠢᠯᠡᠭᠰᠡᠨ ᠵᠢᠴᠢ ︽ᠳᠥᠷᠪᠡᠨ ᠰᠤᠷᠲᠠᠯ︾ ᠢ ᠡᠰᠡᠷᠭᠦᠴᠡᠬᠦ ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠰᠡᠷᠭᠦᠴᠡᠬᠦ ᠲᠠᠯ᠎ᠠ ᠪᠠᠷ ᠶᠠᠮᠠᠷ ᠶᠠᠮᠠᠷ ᠭᠤᠤᠯ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠲᠤᠬᠠᠢ ᠳᠤᠷᠠᠳᠤᠨ᠎ᠠ︔
     ᠭᠤᠷᠪᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠪᠠᠭ ᠤᠨ ᠪᠦᠷᠢᠯᠳᠦᠬᠦᠨ ᠳᠤ ᠪᠤᠰᠤᠳ ᠲᠠᠯ᠎ᠠ ᠪᠠᠷ ᠶᠠᠮᠠᠷ ᠶᠠᠮᠠᠷ ᠰᠠᠨᠠᠯ ᠪᠤᠯᠤᠨ ᠰᠠᠨᠠᠭᠤᠯᠭ᠎ᠠ ᠪᠠᠶᠢᠬᠤ ᠲᠤᠬᠠᠢ ᠳᠤᠷᠠᠳᠤᠨ᠎ᠠ᠃
     ᠰᠠᠨᠠᠯ ᠬᠤᠷᠢᠶᠠᠬᠤ ᠬᠠᠶᠢᠷᠴᠠᠭ ᠢ ᠬᠦᠬᠡᠬᠤᠲᠠ ᠶᠢᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠤᠭᠡᠷ ᠨᠤᠮᠧᠷᠲᠦ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠯᠪᠠᠯᠠᠬᠤ ᠭᠠᠵᠠᠷ ᠤᠨ ᠡᠮᠦᠨ᠎ᠡ ᠡᠭᠦᠳᠡ᠂ ᠶᠡᠷᠦᠩᠬᠡᠶᠢᠯᠡᠭᠰᠡᠨ ᠠᠰᠠᠷ ᠤᠨ ᠬᠤᠶᠠᠳᠤᠭᠠᠷ ᠳᠠᠪᠬᠤᠷᠯᠠᠭ᠎ᠠ᠂ ᠲᠡᠷᠢᠭᠦᠯᠡᠭᠴᠢ ᠶᠢᠨ ᠠᠰᠠᠷ ᠤᠨ ᠨᠢᠭᠡᠳᠦᠭᠡᠷ ᠳᠠᠪᠬᠤᠷᠯᠠᠭ᠎ᠠ ᠳᠤ ᠲᠣᠬᠢᠷᠠᠭᠤᠯᠪᠠ
     ᠲᠤᠰᠬᠠᠶ ᠰᠢᠤᠳᠠᠨ ᠤ ᠬᠠᠶᠢᠷᠴᠠᠭ᠄ nmgzfztjy2019@163.com
     ᠢᠨᠲ᠋ᠧᠷ ᠰᠦᠯᠵᠢᠶᠡᠨ ᠤ ᠦᠭᠡ ᠦᠯᠡᠳᠡᠭᠡᠬᠦ ᠰᠠᠮᠪᠠᠷ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ︽ᠵᠠᠰᠠᠭ ᠠᠷᠠᠳ ᠬᠠᠷᠢᠯᠴᠠᠨ ᠬᠥᠳᠡᠯᠦᠯᠴᠡᠬᠦ ᠪᠤᠯᠤᠩ︾ ᠳᠤ ᠲᠣᠬᠢᠷᠠᠭᠤᠯᠪᠠ


                                         ᠡᠭᠦᠨ ᠤ ᠲᠤᠯᠠ ᠣᠨᠴᠠᠭᠠᠶᠢᠯᠠᠨ ᠵᠠᠷᠯᠠᠪᠠ


                            ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ      
                            ᠤᠳᠤᠷᠢᠳᠬᠤ ᠳᠤᠭᠤᠶᠢᠯᠠᠩ ᠤᠨ ᠭᠤᠤᠯ ᠰᠡᠳᠦᠪᠲᠦ ᠬᠥᠮᠦᠵᠢᠯ ᠤᠨ  
                            ᠤᠳᠤᠷᠢᠳᠬᠤ ᠳᠤᠭᠤᠶᠢᠯᠠᠩ ᠤᠨ ᠠᠯᠪᠠᠨ ᠭᠡᠷ
                               2019 ᠣᠨ ᠤ 7 ᠳ᠋ᠤᠭᠠᠷ ᠰᠠᠷ᠎ᠠ ᠶᠢᠨ 15 ᠤ ᠡᠳᠦᠷ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ