ᠬᠦᠬᠡᠬᠤᠳᠠ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ ᠶᠢ ᠬᠠᠷᠭᠤᠭᠤᠯᠤᠨ ᠪᠠᠶᠢᠴᠠᠭᠠᠬᠤ ᠠᠵᠢᠯ ᠡᠯᠧᠺᠲᠷᠤᠨᠴᠢᠯᠠᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2019/7/17
     ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ 10 ᠵᠦᠶᠯ ᠤᠨ ᠦᠶᠯᠡᠴᠢᠯᠡᠭᠡᠨ ᠤ ᠠᠷᠭ᠎ᠠ ᠬᠡᠮᠵᠢᠶ᠎ᠡ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠦᠬᠡᠬᠤᠳᠠ ᠎ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ ᠶᠢ ᠬᠠᠷᠭᠤᠭᠤᠯᠤᠨ ᠪᠠᠶᠢᠴᠠᠭᠠᠬᠤ ᠠᠵᠢᠯ ᠵᠢᠩᠬᠢᠨᠢ ᠪᠠᠷ ᠡᠯᠧᠺᠲᠷᠤᠨᠴᠢᠯᠡᠭᠰᠡᠨ ᠴᠠᠭ ᠦᠶ᠎ᠡ ᠳᠤ ᠣᠷᠣᠪᠠ᠃ ᠬᠤᠲᠠ ᠶᠢᠨ ᠠᠷᠠᠳ ᠮᠠᠰᠢᠨ ᠲᠡᠷᠭᠡ ᠳᠠᠩᠰᠠᠯᠠᠭᠤᠯᠤᠨ ᠪᠦᠷᠢᠳᠬᠡᠭᠦᠯᠬᠦ ᠲᠤᠬᠠᠶᠢᠯᠠᠭᠰᠠᠨ ᠠᠵᠢᠯ ᠢ ᠭᠦᠶᠴᠡᠳᠬᠡᠬᠦ ᠳᠤ ᠪᠠᠨ ︽ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ︾᠎ ᠶᠢᠨ ᠴᠠᠭᠠᠰᠤᠨ ᠮᠠᠲ᠋ᠧᠷᠢᠶᠠᠯ ᠢ ᠬᠠᠩᠭᠠᠬᠤ ᠴᠢᠬᠤᠯᠠ ᠥᠬᠡᠶ ᠪᠤᠯᠵᠤ ᠭᠠᠷ ᠭᠦᠶᠴᠡᠳᠬᠡᠯ ᠢ ᠤᠯᠠᠮ ᠨᠢᠭᠡ ᠠᠯᠬᠤᠮ ᠳᠥᠭᠦᠮᠴᠢᠯᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠣᠯᠠᠨ ᠲᠦᠮᠡᠨ ᠳᠤ ᠲᠤᠬᠠᠶᠢᠯᠠᠭᠰᠠᠨ ᠠᠵᠢᠯ ᠢ ᠳᠦᠬᠦᠮ ᠲᠦᠳᠡ ᠲᠦᠷᠭᠡᠨ ᠠᠪᠰᠠᠷ ᠬᠦᠢᠴᠡᠳᠬᠡᠵᠤ ᠦᠭᠬᠦ ᠶᠢᠨ ᠲᠦᠯᠦᠬᠡ᠂ ᠮᠠᠰᠢᠨ ᠲᠡᠷᠭᠡ ᠬᠠᠮᠢᠶᠠᠷᠬᠤ ᠭᠠᠵᠠᠷ ᠪᠠᠰᠠ ᠬᠤᠲᠠ ᠶᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ ᠶᠢ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠵᠤ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠎ ᠶᠢ ᠪᠠᠶᠢᠭᠤᠯᠪᠠ᠃  ᠮᠠᠰᠢᠨ ᠲᠡᠷᠭᠡ ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠭᠦᠶᠴᠡᠳᠬᠡᠬᠦ ᠳᠤ᠂ ᠬᠡᠷᠪᠡ ᠮᠡᠳᠡᠭᠡ ᠵᠠᠩᠭᠢ ᠳᠠᠮᠵᠢᠭᠤᠯᠬᠤ ᠳᠤ ᠰᠠᠭᠠᠳ ᠲᠣᠬᠢᠶᠠᠯᠳᠤᠵᠤ᠂ ᠰᠢᠰᠲ᠋ᠧᠮ ᠳᠤ ᠮᠠᠰᠢᠨ ᠲᠡᠷᠭᠡ ᠭᠠᠶᠢᠯᠢ ᠲᠤᠰᠢᠶᠠᠭᠰᠠᠨ ᠪᠤᠶᠤ ᠭᠠᠶᠢᠯᠢ ᠬᠡᠯᠲᠦᠷᠢᠭᠦᠯᠦᠭᠰᠡᠨ ᠮᠡᠳᠡᠭᠡ ᠵᠠᠩᠭᠢ ᠪᠠᠶᠢᠬᠤ ᠥᠬᠡᠶ ᠪᠣᠯ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠠᠯᠪᠠᠨ ᠲᠠᠯ᠎ᠠ ᠶᠢᠨ ᠢᠨᠲ᠋ᠧᠷ ᠰᠦᠯᠵᠢᠶᠡᠨ ᠤ ᠲᠠᠪᠴᠠᠩ᠂ ᠭᠠᠶᠢᠯᠢ ᠭᠦᠶᠴᠡᠳᠬᠡᠬᠦ ᠦᠶᠯᠡᠴᠢᠯᠡᠭᠡᠨ ᠎ ᠤ ᠲᠢᠩᠬᠢᠮ ᠢᠶᠠᠷ ᠳᠠᠮᠵᠢᠭᠤᠯᠤᠨ ᠮᠠᠰᠢᠨ ᠲᠡᠷᠭᠡ ᠶᠢᠨ ᠭᠠᠶᠢᠯᠢ ᠲᠤᠰᠢᠶᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠤᠶᠤ ᠳᠠᠷᠤᠮᠠᠯᠯᠠᠭᠤᠯᠵᠤ ᠪᠣᠯᠤᠨ᠎ᠠ᠂ ᠪᠠᠰᠠ ︽ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ ︵ᠡᠯᠧᠺᠲᠷᠣᠨ ᠬᠡᠪᠯᠡᠯ︶︾ ᠳᠡᠭᠡᠷᠡᠬᠢ ᠬᠤᠶᠠᠷ ᠬᠡᠮᠵᠢᠯᠳᠦ ᠲᠡᠮᠳᠡᠭ ᠢ ᠰᠢᠷᠪᠢᠬᠦ ᠪᠠᠷ ᠳᠠᠮᠵᠢᠭᠤᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠭᠠᠷᠭᠠᠨ ᠠᠪᠤᠭᠰᠠᠨ ᠤ ᠳᠠᠷᠠᠭ᠎ᠠ ᠮᠠᠰᠢᠨ ᠲᠡᠷᠭᠡ ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠭᠦᠶᠴᠡᠳᠬᠡᠵᠦ ᠪᠣᠯᠤᠨ᠎ᠠ᠃ ᠴᠢᠬᠤᠯᠠ ᠲᠠᠢ ᠦᠶ᠎ᠡ ᠳᠤ ᠣᠳᠠᠰᠣ ᠪᠠᠷ ᠬᠠᠷᠢᠯᠴᠠᠬᠤ ᠠᠷᠭ᠎ᠠ ᠮᠠᠶ᠋ᠢᠭ ᠢ ᠠᠪᠴᠤ᠂ ᠲᠣᠰ ᠭᠠᠵᠠᠷ ᠣᠷᠣᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠎ ᠠᠴᠠ ᠲᠣᠰ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠲᠤᠰᠢᠶᠠᠬᠤ ᠲᠤᠬᠠᠶᠢᠯᠠᠭᠰᠠᠨ ᠠᠵᠢᠯ ᠢ ᠨᠢᠭᠡᠨᠲᠡ ᠭᠦᠶᠴᠡᠳᠬᠡᠵᠦ ᠳᠠᠭᠤᠰᠤᠭᠰᠠᠨ ᠢ ᠨᠤᠲᠠᠯᠠᠭᠰᠠᠨ ᠪᠣᠯ ᠤᠷᠢᠳᠠᠪᠠᠷ ᠮᠠᠰᠢᠨ ᠲᠡᠷᠭᠡ ᠪᠠᠨ ᠳᠠᠩᠰᠠᠯᠠᠭᠤᠯᠤᠨ ᠲᠡᠮᠳᠡᠭᠯᠡᠭᠦᠯᠦᠭᠰᠡᠨ ᠴᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号