ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠤ 2019 ᠤᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/7/17

     7 ᠳ᠋ᠤᠭᠠᠷ ᠰᠠᠷ᠎ᠠ ᠶᠢᠨ 13 ᠤ ᠡᠳᠣᠷ ᠤᠨ ᠦᠳᠡ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠡᠯ ᠢ ᠡᠷᠬᠢᠯᠡᠨ ᠬᠤᠷᠡᠯᠳᠤᠭᠤᠯᠵᠥ᠂ ᠪᠦᠬᠦ ᠤᠷᠤᠨ ᠤ ᠲᠡᠬᠡᠷ᠎ᠡ ᠬᠠᠭᠠᠰ ᠵᠢᠯ ᠤᠨ ᠠᠵᠥ ᠠᠬᠤᠢ ᠶᠢᠨ ᠪᠠᠶᠢᠳᠠᠯ ᠢ ᠰᠤᠳᠤᠯᠤᠨ ᠵᠠᠳᠠᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠭᠠᠰᠢ ᠮᠠᠨ ᠤ ᠤᠷᠤᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠦᠴᠢᠷ ᠪᠡᠷᠭᠡᠰᠢᠶᠠᠯ ᠦᠷᠢᠰᠦᠯᠳᠦᠭᠡᠨ ᠢ ᠪᠦᠳᠦᠮᠵᠢᠳᠠᠢ ᠠᠷᠭᠠᠴᠠᠭᠠᠨ᠂ ᠠᠵᠤ ᠠᠬᠤᠢ ᠶᠢᠨ ᠡᠷᠬᠢᠯᠳᠡ ᠶᠡᠷᠤᠩᠭᠡᠢ ᠳᠤ ᠪᠠᠨ ᠲᠤᠬᠳᠠᠭᠤᠨ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠪᠠᠶᠢᠳᠠᠯ ᠢᠶᠠᠨ ᠦᠷᠬᠦᠯᠵᠢᠯᠡᠨ ᠪᠠᠳᠤᠯᠠᠵᠤ᠂ ᠠᠵᠤ ᠦᠢᠯᠡᠰ ᠤᠨ ᠪᠦᠳᠦᠴᠡ ᠴᠢᠨᠠᠬᠰᠢᠳᠠ ᠰᠢᠯᠢᠳᠡᠭᠵᠢᠨ᠂ ᠬᠦᠭᠵᠢᠯᠳᠠ ᠶᠢᠨ ᠶᠠᠰᠤ ᠴᠢᠨᠠᠷ ᠲᠡᠭᠡᠭᠰᠢᠯᠡᠨ ᠬᠦᠭᠵᠢᠯᠳᠠ ᠶᠢᠨ ᠠᠮᠢᠵᠢᠷᠠᠯ ᠤᠨ ᠬᠦᠴᠦᠨ ᠨᠡᠮᠡᠭᠳᠡᠵᠤ᠂ ᠭᠤᠷᠪᠡᠨ ᠶᠡᠭᠡ ᠰᠢᠪᠳᠣᠯᠣᠯᠳᠠ ᠶᠢᠨ ᠲᠠᠶᠢᠯᠠᠯᠳᠤᠭᠠᠨ᠂ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠠᠵᠢᠯ ᠤᠯᠭᠤᠯᠳᠠ ᠶᠡᠷᠤᠩᠭᠡᠢ ᠳᠤ ᠪᠠᠨ ᠲᠤᠬᠳᠠᠭᠤᠨ ᠪᠠᠶᠢᠬᠤ ᠶᠢ ᠪᠠᠳᠤᠯᠠᠨ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠪᠠ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠡᠷᠴᠢᠮ ᠴᠢᠩᠭᠠᠷᠠᠵᠠᠢ ᠭᠡᠵᠡᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠡ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠳᠠᠯᠠᠬᠤ ᠭᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠂ ᠠᠵᠤ ᠠᠬᠤᠢ ᠶᠢᠨ ᠡᠷᠬᠢᠯᠳᠡ ᠲᠤᠮᠳᠠᠬᠢ ᠠᠰᠠᠭᠤᠳᠠᠯ ᠢ ᠲᠡᠭᠡᠳᠤ ᠬᠡᠮᠵᠢᠶ᠎ᠡ ᠪᠠᠷ ᠠᠩᠬᠠᠷᠴᠤ᠂ ᠴᠢᠨᠠᠬᠰᠢᠳᠠ ᠮᠦᠷᠳᠡᠨ ᠵᠠᠳᠠᠯᠵᠤ᠂ ᠰᠢᠢᠳᠪᠤᠷᠢᠯᠡᠬᠦ ᠠᠷᠭ᠎ᠠ ᠬᠡᠮᠵᠢᠶ᠎ᠡ ᠭᠠᠷᠭᠠᠬᠤ ᠭᠡᠷᠡᠭᠳᠠᠢ᠃ ᠠᠷᠠᠯᠵᠢᠶ᠎ᠠ ᠡᠵᠡᠩᠨᠡᠬᠦ ᠤᠷᠴᠢᠨ ᠨᠦᠬᠦᠴᠡᠯ ᠤᠨ ᠪᠠᠶᠢᠭᠤᠯᠤᠯᠳᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠡᠯ᠎ᠠ ᠱᠠᠳᠤ ᠡᠯ᠎ᠠ ᠭᠠᠵᠠᠷ ᠤᠷᠤᠨ ᠤ ᠭᠤᠤᠯ ᠬᠠᠷᠢᠭᠤᠴᠠᠯᠭᠠᠳᠠᠨ ᠨᠦᠬᠦᠳ ᠪᠡᠶ᠎ᠠ ᠪᠠᠷ ᠢᠶᠠᠨ ᠠᠳᠬᠤᠨ᠂ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠤᠢᠢᠯᠡᠴᠢᠯᠡᠬᠦ︾ ᠦᠬᠡᠷᠡᠴᠢᠯᠡᠯᠳᠠ ᠶᠢ ᠬᠦᠨᠵᠡᠬᠡᠶᠢᠷᠡᠬᠦᠯᠬᠦ ᠭᠡᠷᠡᠭᠳᠠᠢ᠃ ᠠᠵᠠ ᠲᠤᠬᠢᠶᠠᠯ ᠤᠨ ᠤᠬᠠᠮᠰᠠᠷ ᠢᠶᠠᠨ ᠴᠢᠩᠭᠠᠳᠬᠠᠨ᠂ ᠠᠵᠠ ᠲᠤᠬᠢᠶᠠᠯ ᠢ ᠰᠠᠶᠢᠳᠤᠷ ᠠᠮᠵᠢᠨ ᠠᠰᠢᠬᠯᠠᠵᠤ᠂ ᠪᠠᠳᠤᠳᠬᠠᠬᠤ᠂ ᠨᠡᠮᠡᠭᠳᠡᠬᠦᠯᠬᠦ᠂ ᠲᠡᠭᠡᠭᠰᠢᠯᠡᠬᠦᠯᠬᠦ ᠪᠠ ᠰᠢᠯᠤᠭᠤᠳᠬᠠᠬᠤ ᠳᠤ ᠬᠦᠴᠤ ᠪᠠᠨ ᠲᠠᠯᠪᠢᠵᠤ᠂ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠶᠢ ᠦᠷᠬᠦᠯᠵᠢᠯᠠᠨ ᠬᠦᠨᠵᠡᠬᠡᠶᠢᠷᠡᠬᠦᠯᠬᠦ ᠭᠡᠷᠡᠭᠳᠠᠢ᠃ ᠲᠤᠶᠢᠯ ᠤᠨ ᠣᠨᠣᠪᠴᠢᠳᠠᠢ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠠᠨ ᠠᠷᠢᠯᠭᠠᠬᠤ ᠡᠷᠴᠢᠮ ᠢᠶᠠᠨ ᠴᠢᠩᠭᠠᠷᠠᠭᠤᠯᠤᠨ᠂ ᠪᠤᠬᠢᠷᠳᠤᠯ ᠢ ᠰᠡᠷᠬᠡᠶᠢᠯᠡᠬᠦ ᠪᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠣᠨ ᠪᠠᠶᠢᠴᠠᠭᠠᠯᠳᠠ ᠵᠢᠴᠢ ︽ᠪᠣᠴᠠᠨ ᠪᠠᠶᠢᠴᠠᠭᠠᠬᠤ︾ ᠬᠠᠷᠢᠭᠤ ᠲᠤᠰᠬᠠᠬᠰᠠᠨ ᠴᠡᠭᠴᠡᠯᠠᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠭᠡᠷᠡᠭᠳᠠᠢ᠃ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠠᠵᠢᠯ ᠤᠯᠭᠤᠯᠳᠠ ᠶᠢ ᠲᠤᠬᠳᠠᠪᠤᠷᠢᠵᠢᠭᠤᠯᠬᠤ ᠵᠡᠷᠬᠡ ᠡᠯ᠎ᠠ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢ ᠪᠤᠳᠠᠳᠠᠢ ᠨᠠᠷᠢᠯᠢᠬ ᠬᠢᠵᠤ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠪᠤᠯᠤᠨ ᠵᠢᠷᠭᠠᠯᠳᠤ ᠲᠦᠷᠦᠭᠳᠡᠯ ᠢ ᠲᠠᠰᠤᠷᠠᠯᠳᠠ ᠦᠬᠡᠢ ᠨᠡᠮᠡᠭᠳᠡᠬᠦᠯᠬᠦ ᠭᠡᠷᠡᠭᠳᠠᠢ ᠭᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠷᠬᠡᠪᠰᠢ ︽ᠤᠬ ᠰᠠᠨᠠᠭ᠎ᠠ ᠪᠠᠨ ᠦᠯᠦ ᠮᠡᠷᠳᠡᠵᠦ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠦ ᠬᠦᠮᠦᠵᠢᠯ ᠢ ᠭᠤᠤᠯᠳᠠᠯᠭ᠎ᠠ ᠲᠠᠢ ᠠᠵᠢᠯ ᠯᠤᠭ᠎ᠠ ᠨᠢᠬᠳᠠ ᠤᠶᠠᠯᠳᠤᠭᠤᠯᠵᠦ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ  ᠪᠠᠶᠢᠴᠠᠭᠠᠨ ᠦᠵᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠦ᠂ ᠪᠦᠬᠦ ᠤᠷᠤᠨ ᠤ ᠵᠠᠰᠠᠬ ᠤᠨ ᠤᠷᠳᠤᠨ ᠤ ᠰᠢᠰᠲ᠋ᠧᠮ ᠤᠳ ᠲᠤ ᠦᠯᠢᠬᠡᠷ ᠳᠠᠭᠤᠷᠢᠶᠠᠯ ᠦᠵᠡᠬᠦᠯᠬᠦ ᠬᠡᠷᠡᠭᠳᠡᠢ᠃ ᠡᠷᠬᠡᠪᠰᠢ ᠴᠢᠩᠭ᠎ᠠ ᠪᠦᠬᠡᠳ ᠪᠤᠳᠠᠳᠠᠢ ᠠᠵᠢᠯ ᠤᠨ ᠰᠤᠷᠳᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠦ᠂ ᠬᠡᠯᠪᠡᠷᠢᠴᠢ ᠦᠵᠡᠯ ᠤᠨ ᠠᠰᠠᠭᠤᠳᠠᠯ ᠢ ᠰᠢᠢᠳᠪᠤᠷᠢᠯᠡᠨ᠂ ᠦᠨᠡᠨ ᠬᠦ ᠠᠳᠬᠤᠵᠦ ᠪᠤᠳᠠᠳᠠᠢ ᠬᠢᠬᠦ ᠪᠠᠶᠢᠳᠠᠯ ᠢ ᠪᠦᠷᠢᠯᠳᠦᠬᠦᠯᠬᠦ ᠬᠡᠷᠡᠭᠳᠡᠢ ᠭᠡᠵᠡᠢ᠃
     ᠬᠤᠷᠠᠯ ᠠᠴᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠤᠮᠳᠠ ᠪᠠᠭ᠎ᠠ ᠠᠵᠦ ᠠᠬᠤᠢᠢᠯᠡᠯ ᠢ ᠠᠬᠢᠭᠤᠯᠤᠨ ᠬᠦᠭᠵᠢᠬᠦᠯᠬᠦ ᠳᠦᠷᠢᠮ ︵ᠳᠦᠰᠦᠯ︶︾ ᠢ ᠪᠠᠳᠤᠯᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ