ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠮᠣᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠤᠷᠢᠳᠴᠢᠯᠠᠨ ᠲᠦᠯᠦᠬᠦ ᠮᠦᠩᠬᠦ ᠶᠢ 2000 ᠲᠦᠮᠡᠨ ᠲᠥᠭᠦᠷᠢᠭ ᠲᠣᠰᠢᠶᠠᠵᠡᠢ
ᠨᠡᠶᠢᠲᠡᠯᠡᠭᠰᠡᠨ ᠴᠠᠭ᠄
2019/7/2
     ᠣᠶᠢᠷ᠎ᠠ ᠳᠤ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠮᠣᠵᠢ ᠠᠯᠤᠰᠯᠠᠨ ᠣᠨᠳᠣᠤ ᠭᠠᠵᠠᠷ ᠎ ᠲᠤ ᠡᠮᠨᠡᠭᠦᠯᠬᠦ ᠤᠷᠢᠳᠴᠢᠯᠠᠨ ᠲᠥᠯᠥᠬᠦ ᠮᠥᠩᠭᠦ ᠶᠢ ᠨᠡᠶᠢᠲᠡ 2000 ᠲᠦᠮᠡᠨ ᠲᠥᠭᠦᠷᠢᠭ ᠲᠣᠰᠢᠶᠠᠵᠡᠢ᠃      ᠣᠨᠳᠣᠤ ᠭᠠᠵᠠᠷ ᠲᠤ ᠡᠮᠨᠡᠭᠦᠯᠬᠦ ᠰᠠᠶᠢᠨ ᠲᠠᠢ ᠲᠠᠯ᠎ᠠ ᠨᠢ ᠶᠠᠭᠤ ᠪᠣᠢ︖      ᠤᠤᠯ ᠨᠢ ᠭᠠᠳᠠᠷ ᠣᠷᠣᠨ ᠳᠤ ᠡᠪᠡᠳᠴᠢᠨ ᠦᠵᠡᠭᠦᠯᠬᠦ ᠳᠤ ᠡᠪᠡᠳᠴᠢᠲᠡᠨ ᠥᠪᠡᠷ ᠢᠶᠠᠷ ᠤᠷᠢᠳ ᠢᠶᠠᠷ ᠡᠮ ᠡᠮᠨᠡᠯᠭᠡ ᠶᠢᠨ ᠵᠠᠷᠤᠳᠠᠯ ᠢ ᠣᠷᠣᠯᠠᠨ ᠲᠥᠯᠥᠵᠦ᠂ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠪᠤᠴᠠᠵᠤ ᠢᠷᠡᠬᠡᠳ ᠳᠠᠩᠰᠠ ᠪᠠᠨ ᠳᠠᠶᠢᠯᠳᠠᠭ᠃ ᠡᠨᠡ ᠬᠦ ᠳᠠᠩᠰᠠ ᠳᠠᠶᠢᠯᠬᠤ ᠦᠶᠡᠯᠡᠯ ᠤᠨ ᠬᠤᠭᠤᠴᠠᠭ᠎ᠠ ᠨᠢ ᠤᠷᠲᠤ ᠪᠠᠶᠢᠵᠤ᠂ ᠠᠵᠤ ᠠᠬᠤᠢ ᠶᠢᠨ ᠨᠥᠬᠦᠴᠡᠯ ᠪᠠᠷᠣᠭᠳᠠᠢ ᠬᠦᠮᠦᠰ ᠲᠤ ᠡᠮ ᠡᠮᠨᠡᠯᠬᠡ ᠶᠢᠨ ᠵᠠᠷᠣᠳᠠᠯ ᠤᠨ ᠳᠠᠷᠣᠭᠠᠰᠣ ᠶᠢ ᠠᠪᠴᠢᠷᠠᠳᠠᠭ᠃ ᠤᠷᠲᠤ ᠬᠤᠭᠤᠴᠠᠭ᠎ᠠ ᠪᠠᠷ ᠭᠠᠳᠠᠨ᠎ᠠ ᠣᠷᠣᠨ ᠳᠤ ᠠᠮᠢᠳᠣᠷᠠᠨ ᠰᠠᠭᠤᠷᠢᠰᠢᠵᠣ ᠪᠠᠶᠢᠭ᠎ᠠ ᠬᠦᠮᠦᠰ ᠴᠤ ᠭᠡᠰᠡᠨ ᠳᠠᠭᠠᠳᠬᠠᠯ ᠳᠤ ᠣᠷᠣᠯᠴᠠᠭᠰᠠᠨ ᠤᠭ ᠭᠠᠵᠠᠷ ᠲᠤ ᠪᠠᠨ ᠬᠦᠷᠴᠣ ᠡᠮᠨᠡᠯᠭᠡ ᠶᠢᠨ ᠳᠠᠭᠠᠳᠬᠠᠯ ᠤᠨ ᠵᠠᠷᠤᠳᠠᠯ ᠎ ᠤᠨ ᠳᠠᠩᠰᠠ ᠪᠠᠨ ᠳᠠᠶᠢᠯᠳᠠᠭ ᠪᠡᠶᠢᠵᠡᠢ᠃ ᠤᠳᠤ ᠣᠨᠳᠣᠤ ᠭᠠᠵᠠᠷ ᠲᠤ ᠡᠪᠡᠳᠴᠢᠨ ᠦᠵᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠡᠪᠡᠳᠴᠢᠲᠡᠨ ᠡᠮᠨᠡᠯᠭᠡ ᠠᠴᠠ ᠭᠠᠷᠬᠤ ᠦᠶ᠎ᠡ ᠳᠤ ᠪᠠᠨ ᠬᠤᠪᠢ ᠬᠥᠮᠦᠨ ᠤ ᠡᠭᠦᠷᠭᠡᠯᠡᠬᠦ ᠴᠢᠬᠤᠯᠠᠲᠠᠶ ᠬᠡᠰᠡᠭ ᠡᠮ ᠡᠮᠨᠡᠯᠭᠡ ᠶᠢᠨ ᠵᠠᠷᠤᠳᠠᠯ ᠢ ᠰᠢᠭᠤᠳ ᠲᠠᠰᠤᠯᠤᠨ ᠪᠣᠳᠣᠭᠠᠳ᠂ ᠡᠮᠨᠡᠯᠭᠡ ᠶᠢᠨ ᠬᠤᠷᠢᠶ᠎ᠠ ᠠᠴᠠ ᠰᠢᠭᠤᠳ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠠᠢ ᠡᠮ ᠡᠮᠨᠡᠯᠭᠡ ᠶᠢᠨ ᠳᠠᠭᠠᠳᠬᠠᠯ ᠤᠨ ᠲᠥᠯᠥᠬᠦ ᠵᠠᠷᠤᠳᠠᠯ ᠢ ᠲᠠᠰᠤᠯᠤᠨ ᠪᠣᠳᠣᠬᠤ ᠪᠣᠯᠵᠡᠢ᠃ ᠤᠷᠲᠤ ᠬᠤᠭᠤᠴᠠᠭ᠎ᠠ ᠪᠠᠷ ᠭᠠᠳᠠᠨ᠎ᠠ ᠣᠷᠣᠨ ᠎ ᠳᠤ ᠰᠠᠭᠤᠷᠢᠰᠢᠵᠣ ᠪᠠᠶᠢᠭ᠎ᠠ ᠬᠦᠮᠦᠰ ᠲᠤ ᠠᠪᠴᠤ ᠬᠡᠯᠡᠪᠡᠯ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠪᠣᠴᠠᠬᠤ ᠦᠭᠡᠢ ᠪᠠᠷ ᠳᠠᠩᠰᠠ ᠪᠠᠨ ᠳᠠᠶᠢᠯᠵᠤ ᠴᠢᠳᠠᠬᠤ ᠪᠤᠯᠵᠡᠢ᠂ ᠡᠨᠡ ᠨᠢ ᠰᠠᠨᠠᠭ᠎ᠠ ᠠᠮᠤᠷ᠂ ᠴᠠᠭ ᠲᠤ ᠠᠷᠪᠢᠲᠠᠶ ᠮᠥᠷᠲᠡᠭᠡᠨ ᠪᠠᠰᠠ ᠶᠠᠪᠣᠳᠠᠯ ᠣᠴᠢᠷ ᠴᠦᠬᠡᠨ᠂ ᠵᠣᠭᠤᠰ ᠮᠦᠩᠬᠦᠨ ᠳᠤ ᠴᠤ ᠠᠷᠪᠢᠲᠠᠶ ᠪᠤᠯᠵᠡᠢ᠃      ᠣᠨᠳᠣᠤ ᠭᠠᠵᠠᠷ ᠲᠤ ᠡᠮᠨᠡᠬᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠶᠠᠮᠠᠷ ᠬᠥᠮᠦᠰ ᠠᠰᠢᠭ ᠬᠦᠷᠲᠡᠬᠦ ᠪᠣᠶ︖      ᠨᠢᠭᠡ ᠳᠤ ᠣᠨᠳᠣᠤ ᠭᠠᠵᠠᠷ ᠲᠤ ᠪᠠᠶᠢᠩᠭᠤ ᠰᠠᠭᠤᠷᠢᠰᠢᠨ ᠠᠵᠢᠯᠯᠠᠵᠤ ᠪᠠᠶᠢᠭ᠎ᠠ ᠬᠥᠮᠦᠰ᠃ ᠡᠨᠡ ᠨᠢ ᠬᠥᠮᠦᠨ ᠬᠡᠷᠡᠭᠯᠡᠬᠦ ᠨᠢᠭᠡᠴᠢ ᠠᠴᠠ ᠣᠨᠳᠣᠤ ᠭᠠᠵᠠᠷ ᠲᠤ ᠲᠣᠮᠢᠯᠠᠨ ᠠᠵᠢᠯᠯᠠᠭᠤᠯᠵᠤ ᠪᠠᠶᠢᠭ᠎ᠠ ᠪᠥᠭᠡᠳ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠣᠭᠲᠠᠭᠠᠯ ᠳᠤ ᠨᠡᠶᠢᠴᠡᠬᠦ ᠬᠥᠮᠦᠰ ᠢ ᠵᠢᠭᠠᠵᠤ ᠪᠠᠶᠢᠨ᠎ᠠ᠃      ᠬᠤᠶᠠᠷ ᠲᠤ ᠣᠨᠳᠣᠤ ᠭᠠᠵᠠᠷ ᠲᠤ ᠰᠢᠯᠵᠢᠭᠦᠯᠦᠨ ᠡᠮᠨᠡᠭᠦᠯᠦᠭᠰᠡᠳ᠃ ᠡᠨᠡ ᠨᠢ ᠲᠤᠬᠠᠶ ᠶᠢᠨ ᠭᠠᠵᠠᠷ ᠤᠨ ᠡᠮ ᠡᠮᠨᠡᠯᠭᠡ ᠶᠢᠨ ᠪᠠᠶᠢᠭᠤᠯᠤᠮᠵᠢ ᠨᠢ ᠣᠨᠣᠰᠢᠯᠠᠵᠤ ᠳᠠᠶᠢᠯᠬᠦ ᠦᠭᠡᠢ ᠪᠤᠶᠤ ᠣᠨᠣᠰᠢᠯᠠᠵᠤ ᠪᠣᠯᠬᠤ ᠪᠣᠯᠪᠠᠴᠤ ᠡᠮᠴᠢᠯᠡᠭᠡᠨ ᠤ ᠬᠢᠷᠢ ᠬᠡᠮᠵᠢᠶ᠎ᠡ ᠨᠢ ᠬᠢᠵᠠᠭᠠᠷ ᠲᠠᠢ ᠪᠣᠯᠬᠤᠷ ᠭᠠᠳᠠᠷ ᠮᠤᠵᠢ ᠳᠤ ᠣᠴᠢᠵᠤ ᠡᠮᠨᠡᠭᠦᠯᠬᠦ ᠴᠢᠬᠤᠯᠠᠲᠠᠶ ᠡᠪᠡᠳᠴᠢᠲᠡᠨ ᠢ ᠵᠢᠭᠠᠵᠣ ᠪᠤᠢ᠃      ᠭᠤᠷᠪᠠ ᠳᠤ ᠣᠨᠳᠣᠤ ᠭᠠᠵᠠᠷ ᠲᠤ ᠣᠷᠣᠰᠢᠨ ᠠᠮᠢᠳᠤᠷᠠᠵᠤ ᠪᠠᠶᠢᠭ᠎ᠠ ᠬᠥᠮᠦᠰ᠃ ᠡᠨᠡ ᠨᠢ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠣᠨᠳᠣᠤ ᠭᠠᠵᠠᠷ ᠲᠤ ᠣᠷᠣᠰᠢᠨ ᠠᠮᠢᠳᠣᠷᠠᠵᠣ ᠪᠠᠶᠢᠬᠤ ᠮᠥᠷᠲᠡᠭᠡᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠣᠭᠲᠠᠭᠠᠯ ᠳᠤ ᠨᠡᠶᠢᠴᠡᠬᠦ ᠬᠥᠮᠦᠰ ᠢ ᠵᠢᠭᠠᠵᠤ ᠪᠣᠢ᠃      ᠳᠥᠷᠪᠡ ᠳᠤ ᠣᠨᠳᠣᠤ ᠭᠠᠵᠠᠷ ᠲᠤ ᠲᠤᠪᠬᠢᠨᠠᠭᠤᠯᠤᠭᠰᠠᠨ ᠠᠵᠢᠯ ᠠᠴᠠ ᠪᠠᠨ ᠠᠮᠠᠷᠠᠭᠰᠠᠨ ᠬᠥᠮᠦᠰ᠃ ᠡᠨᠡ ᠎ ᠨᠢ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠣᠨᠳᠣᠤ ᠭᠠᠵᠠᠷ ᠲᠤ ᠰᠠᠭᠤᠷᠢᠰᠢᠭᠰᠠᠨ ᠪᠥᠭᠡᠳ ᠡᠷᠦᠬᠡ ᠠᠮᠠ ᠶᠢᠨ ᠳᠠᠩᠰᠠ ᠪᠠᠨ ᠨᠡᠬᠦᠯᠬᠡᠵᠤ ᠣᠷᠣᠭᠤᠯᠣᠭᠰᠠᠨ ᠬᠦᠮᠦᠰ ᠢ ᠵᠢᠭᠠᠵᠤ ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号