ᠬᠦᠬᠡᠬᠤᠲᠠ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠴᠣᠭᠴᠠᠯᠠᠬᠤ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠩᠨᠡᠭᠡ ᠪᠠᠶᠢᠭᠤᠯᠪᠠ
ᠨᠡᠶᠢᠲᠡᠯᠡᠭᠰᠡᠨ ᠴᠠᠭ᠄
2019/7/22
     2019 ᠣᠨ ᠪᠣᠯ ᠬᠦᠬᠡᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠴᠣᠭᠴᠠᠯᠠᠬᠤ ᠰᠢᠪᠲᠤᠯᠤᠯᠲᠠ ᠶᠢᠨ ᠵᠢᠯ ᠮᠥᠨ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠴᠣᠭᠴᠠᠯᠠᠬᠤ ᠠᠵᠢᠯ ᠢ ᠭᠦᠨᠵᠡᠭᠡᠶ ᠠᠬᠢᠭᠤᠯᠵᠤ᠂ ᠪᠥᠬᠦ ᠠᠷᠠᠳ ᠢᠶᠠᠷ ᠢᠶᠠᠨ ᠡᠭᠦᠳᠦᠨ ᠴᠣᠭᠴᠠᠯᠠᠬᠤ ᠶᠢᠨ ᠮᠡᠳᠡᠷᠡᠴᠡ ᠪᠠ ᠣᠷᠣᠯᠴᠠᠭ᠎ᠠ ᠶᠢ ᠳᠡᠭᠡᠭᠰᠢᠯᠡᠭᠦᠯᠵᠦ᠂ ︽ᠬᠦᠮᠦᠨ ᠪᠦᠬᠦᠨ ᠪᠣᠯᠪᠠᠰᠤᠨ ᠬᠤᠲᠠ ᠶᠢᠨ ᠡᠭᠦᠳᠦᠨ ᠴᠣᠭᠴᠠᠯᠠᠯᠲᠠ ᠳᠤ ᠣᠷᠤᠯᠴᠠᠵᠤ᠂ ᠬᠦᠮᠦᠨ ᠪᠦᠬᠦᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠬᠤᠪᠢ ᠨᠡᠮᠡᠷᠢ ᠦᠵᠡᠭᠦᠯᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠤᠰᠠᠳᠠ᠂ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠴᠣᠭᠴᠠᠯᠠᠬᠤ ᠠᠵᠢᠯ ᠤᠨ ᠠᠯᠪᠠᠨ ᠭᠡᠷ ᠠᠴᠠ ᠬᠦᠬᠡᠬᠤᠲᠠ ᠶᠢᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠴᠣᠭᠴᠠᠯᠠᠬᠤ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠩᠨᠡᠭᠡ ᠶᠢ ᠪᠠᠶᠢᠭᠤᠯᠬᠤ ᠪᠠᠷ ᠲᠣᠭᠲᠠᠪᠠ᠃      ᠣᠶᠢᠯᠠᠭᠠᠭᠰᠠᠨ ᠢᠶᠠᠷ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠬᠤᠲᠠ ᠶᠢᠨ ᠳᠥᠷᠪᠡᠨ ᠲᠣᠭᠤᠷᠢᠭ ᠤᠨ ᠬᠡᠪᠴᠢᠶᠡᠨ ᠠᠴᠠ ᠨᠡᠶᠢᠲᠡ 1000 ᠬᠥᠮᠥᠨ ᠡᠯᠰᠡᠬᠦ ᠪᠠᠷ ᠪᠣᠢ᠂ ᠲᠤᠬᠠᠶᠢᠯᠠᠪᠠᠯ ᠨᠡᠶᠢᠭᠡᠮ ᠤᠨ ᠡᠯ᠎ᠡ ᠡᠲᠡᠭᠡᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠶᠣᠰᠣ ᠮᠣᠷᠠᠯ ᠤᠨ ᠵᠢᠱᠢᠶᠡᠴᠢ᠂ ᠡᠯ᠎ᠡ ᠠᠵᠢᠯ ᠲᠥᠷᠥᠯ ᠤᠨ ᠠᠵᠢᠯ ᠠᠴᠠ ᠪᠠᠨ ᠠᠮᠠᠷᠠᠭᠰᠠᠳ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠠ ᠬᠤᠲᠠ ᠶᠢᠨ ᠲᠡᠰ ᠤᠨ ᠪᠣᠯᠪᠠᠰᠤᠨ ᠨᠢᠭᠡᠴᠢ ︵ᠵᠢᠱᠢᠶᠡᠴᠢ︶᠎ ᠶᠢᠨ ᠠᠵᠢᠯᠲᠠᠨ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ ᠬᠥᠮᠦᠰ ᠵᠡᠷᠭᠡ ᠪᠠᠷ ᠭᠤᠤᠯ ᠪᠣᠯᠭᠠᠨ᠎ᠠ᠃      ᠠᠯᠪᠠᠨ ᠵᠢᠷᠤᠮ ᠤᠨ ᠬᠢᠨᠠᠯᠲᠠ ᠲᠠᠯᠪᠢᠭᠴᠢ ᠭᠤᠤᠯᠳᠠᠭᠤ ᠮᠠᠨ ᠤ ᠬᠤᠲᠠ ᠶᠢᠨ ᠬᠤᠭ ᠨᠣᠪᠰᠢ ᠶᠢ ᠳᠤᠷ᠎ᠠ ᠪᠠᠷ ᠬᠠᠶᠠᠬᠤ᠂ ᠳᠤᠷ᠎ᠠ ᠪᠠᠷ ᠢᠶᠠᠨ ᠵᠠᠷ ᠨᠠᠭᠠᠬᠤ᠂ ᠳᠤᠷ᠎ᠠ ᠪᠠᠷ ᠢᠶᠠᠨ ᠳᠡᠯᠭᠡᠭᠡ ᠬᠤᠳᠠᠯᠳᠤᠭ᠎ᠠ ᠭᠠᠷᠭᠠᠬᠤ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠬᠤ᠂ ᠪᠠᠷᠢᠯᠭ᠎ᠠ ᠶᠢᠨ ᠭᠠᠵᠠᠷ ᠤᠨ ᠪᠠᠷᠢᠮᠵᠢᠶ᠎ᠠ ᠪᠣᠰᠤ ᠦᠵᠡᠭᠳᠡᠯ᠂ ᠭᠤᠤᠯ ᠤᠨ ᠤᠰᠤ ᠶᠢ ᠪᠣᠬᠢᠷᠲᠤᠭᠤᠯᠬᠤ ᠪᠠ ᠲᠣᠭᠲᠠᠭᠠᠯ ᠠᠴᠠ ᠵᠥᠷᠢᠴᠡᠨ ᠪᠠᠷᠢᠯᠭ᠎ᠠ ᠪᠠᠶᠢᠭᠤᠯᠬᠤ ᠵᠡᠷᠭᠡ ᠳᠤ ᠲᠣᠭᠤᠷᠢᠨ ᠪᠠᠶᠢᠴᠠᠭᠠᠵᠦ ᠬᠢᠨᠠᠯᠲᠠ ᠲᠠᠯᠪᠢᠬᠤ ᠠᠵᠢᠯᠯᠠᠭᠠᠨ ᠥᠷᠨᠢᠭᠦᠯᠵᠦ᠂ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠦᠨ᠂ ᠮᠡᠳᠡᠭᠡ ᠵᠠᠩᠭᠢ ᠶᠢ ᠮᠡᠳᠡᠭᠦᠯᠵᠦ᠂ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠬᠤ ᠪᠣᠯᠣᠨ᠎ᠠ︔ ᠬᠤᠲᠠ ᠶᠢᠨ ᠵᠡᠭᠡᠯᠢ ᠭᠤᠳᠤᠮᠵᠢ᠂ ᠨᠡᠶᠢᠭᠡᠮ ᠤᠨ ᠲᠣᠭᠤᠷᠢᠭ ᠵᠡᠷᠭᠡ ᠡᠯ᠎ᠡ ᠪᠣᠯᠤᠩ ᠲᠣᠬᠤᠢ᠂ ᠦᠢᠯᠡᠴᠢᠯᠡᠭᠡᠨ ᠤ ᠴᠣᠩᠬᠤᠪᠴᠢ ᠵᠡᠷᠭᠡ ᠲᠠᠯᠠᠪᠤᠷ ᠭᠠᠵᠠᠷ ᠲᠤ ᠭᠦᠨᠵᠡᠭᠡᠶᠢᠷᠡᠨ ᠢᠯᠡ ᠪᠠᠷ ᠪᠠᠶᠢᠴᠠᠭᠠᠨ ᠳᠠᠯᠳᠠᠭᠤᠷ ᠰᠤᠷᠪᠤᠯᠵᠢᠯᠠᠵᠤ᠂ ᠪᠣᠯᠪᠠᠰᠤᠨ ᠬᠤᠲᠠ ᠶᠢ ᠡᠭᠦᠳᠦᠨ ᠴᠣᠭᠴᠠᠯᠠᠬᠤ ᠠᠵᠢᠯ ᠤᠨ ᠳᠤᠮᠳᠠᠬᠢ ᠣᠯᠠᠨ ᠲᠦᠮᠡᠨ ᠤ ᠲᠤᠰᠬᠠᠯ ᠢᠶᠠᠷ ᠴᠢᠩᠭ᠎ᠠ᠂ ᠳᠠᠷᠦ᠋ᠢᠬᠠᠨ ᠰᠢᠢᠳᠪᠦᠷᠢᠯᠡᠬᠦ ᠴᠢᠬᠤᠯᠠᠲᠠᠶ ᠬᠠᠯᠠᠮᠰᠢᠯ ᠶᠠᠪᠤᠳᠠᠯ ᠪᠠ ᠬᠦᠴᠢᠷ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠶᠢᠨ ᠬᠠᠮᠲᠤ ᠬᠠᠷᠢᠭᠤ ᠲᠤᠰᠬᠠᠬᠤ ᠪᠣᠯᠣᠨ᠎ᠠ︔ ᠨᠡᠶᠢᠭᠡᠮ ᠳᠡᠭᠡᠷᠡᠬᠢ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠵᠤ ᠢᠳᠬᠠᠬᠤ ᠪᠣᠯᠣᠨ᠎ᠠ︔ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠰᠢᠭᠯᠠ᠂ ᠥᠷᠭᠡᠨ ᠣᠯᠠᠨ ᠬᠤᠲᠠ ᠶᠢᠨ ᠠᠷᠠᠳ ᠲᠤ ᠪᠣᠯᠪᠠᠰᠤᠨ ᠬᠤᠲᠠ ᠶᠢ ᠡᠭᠦᠳᠦᠨ ᠴᠣᠭᠴᠠᠯᠠᠬᠤ ᠠᠵᠢᠯ ᠤᠨ ᠮᠡᠳᠡᠪᠡᠯ ᠵᠣᠬᠢᠬᠤ ᠮᠡᠳᠡᠯᠭᠡ ᠶᠢᠨ ᠤᠬᠠᠭᠤᠯᠭ᠎ᠠ ᠬᠢᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号