| | | 7 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ | ᠪᠤᠯᠤᠨ ᠳᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠳᠦᠪ ᠪᠡᠬᠡᠵᠢᠩ ᠳᠤ | ᠬᠠᠮᠳᠤᠷᠠᠯᠴᠠᠭᠠᠨ ᠤ ᠰᠠᠨᠠᠮᠵᠢ ᠶᠢᠨ ᠪᠢᠴᠢᠭ ᠳᠤᠬᠢᠷᠠᠯᠴᠠᠬᠤ ᠶᠤᠰᠤᠯᠠᠯ ᠶᠠᠪᠤᠭᠤᠯᠵᠤ᠂ ᠦᠪᠡᠷᠳᠡᠬᠡᠨ ᠵᠠᠰᠠᠬᠤ ᠤᠷᠤᠨ | ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ | ᠪᠤᠯᠤᠨ ᠳᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠳᠦᠪ ᠤᠨ ᠨᠠᠮ ᠤᠨ | ᠤᠳᠤᠷᠢᠳᠬᠤ ᠳᠤᠭᠤᠢᠢᠯᠠᠩ ᠤᠨ ᠱᠦᠵᠢ ᠮᠠ ᠵᠢᠶᠠᠨ ᠳᠠᠩ ᠳᠤᠰ ᠳᠤᠰ ᠬᠤᠶᠠᠷ ᠳᠠᠯ᠎ᠠ ᠶᠢ ᠳᠦᠯᠦᠬᠡᠯᠡᠨ | ᠬᠠᠮᠳᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃ | ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠬᠤ ᠠᠴᠠ ᠡᠮᠤᠨ᠎ᠡ᠂ ᠪᠦ᠋ ᠰᠢᠶᠤᠤ ᠯᠢᠨ ᠪᠤᠯᠤᠨ ᠮᠠ | ᠵᠢᠶᠠᠨ ᠳᠠᠩ ᠬᠤᠶᠠᠷ ᠳᠠᠯ᠎ᠠ ᠶᠢᠨ ᠬᠠᠮᠳᠤᠷᠠᠯᠴᠠᠭᠠᠨ ᠤ ᠳᠤᠬᠠᠢ ᠬᠦᠨᠵᠡᠬᠡᠢ ᠰᠤᠳᠤᠯᠤᠨ ᠶᠠᠷᠢᠯᠴᠠᠪᠠ᠃ | ᠪᠦ᠋ ᠰᠢᠶᠤᠤ ᠯᠢᠨ᠂ ᠦᠢᠷ᠎ᠠ ᠶᠢᠨ ᠵᠢᠯ ᠳᠤ᠂ ᠳᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ | ᠰᠤᠳᠤᠯᠭᠠᠨ ᠤ ᠳᠦᠪ ᠦᠪᠦᠷ ᠮᠤᠩᠭᠤᠯ ᠤᠨ ᠠᠵᠥ ᠠᠬᠤᠢ ᠨᠡᠶᠢᠬᠡᠮ ᠤᠨ ᠬᠦᠭᠵᠢᠯᠳᠡ ᠳᠤᠮᠳᠠ ᠳᠡᠬᠡᠳᠤ ᠳᠡᠰ ᠤᠨ | ᠤᠶᠤᠨ ᠤ ᠬᠦᠮᠦᠷᠬᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠥ᠂ ᠦᠪᠦᠷ ᠮᠤᠩᠭᠤᠯ ᠤᠨ ᠰᠢᠢᠳᠪᠦᠷᠢᠳᠤ | ᠪᠤᠳᠤᠯᠭ᠎ᠠ ᠳᠤᠭᠳᠠᠭᠠᠬᠤ ᠳᠤ ᠠᠯᠢ ᠤᠯᠠᠨ ᠰᠠᠶᠢᠨ ᠰᠠᠨᠠᠯ ᠰᠠᠨᠠᠭᠤᠯᠭ᠎ᠠ ᠦᠭᠴᠤ᠂ ᠴᠢᠬᠤᠯᠠ ᠬᠦᠲᠦᠯᠦᠨ | ᠳᠠᠭᠠᠭᠤᠯᠬᠤ ᠦᠢᠯᠡᠳᠦᠯ ᠪᠠᠳᠠᠷᠠᠭᠤᠯᠵᠠᠢ᠃ ᠦᠪᠦᠷ ᠮᠤᠩᠭᠤᠯ ᠡᠯᠪᠡᠭ ᠳᠡᠯᠪᠡᠭ ᠪᠠᠶᠢᠭᠠᠯᠢ ᠶᠢᠨ ᠡᠬᠢ ᠪᠠᠶᠠᠯᠢᠭ᠂ | ᠪᠠᠶᠠᠯᠢᠭ ᠰᠠᠶᠢᠬᠠᠨ ᠰᠤᠶᠤᠯ᠂ ᠭᠦᠨ ᠵᠤᠵᠠᠭᠠᠨ ᠦᠨᠢ ᠤᠳᠠᠭᠠᠨ ᠳᠡᠥᠬᠡ ᠲᠠᠢ᠂ ᠡᠬᠡ ᠤᠯᠤᠰ ᠤᠨ ᠤᠮᠠᠷᠠᠳᠤ ᠶᠢᠨ | ᠴᠢᠬᠤᠯᠠ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠪᠤᠯᠬᠤ ᠪᠦᠭᠡᠳ ᠤᠮᠠᠷᠠᠰᠢ ᠨᠡᠬᠡᠬᠡᠯᠳᠡ ᠬᠢᠬᠦ ᠴᠢᠬᠤᠯᠠ | ᠪᠠᠬᠢᠯᠡᠯᠳᠡ ᠪᠤᠯᠤᠨ᠎ᠡ᠃ ᠶᠡᠷᠦᠩᠭᠡᠢ ᠱᠦᠵᠢ ᠰᠢ ᠶᠢᠨ ᠫᠢᠩ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠲᠠᠭᠠᠨ᠂ | ᠥᠪᠦᠷ ᠮᠤᠩᠭᠤᠯ ᠤᠨ ᠪᠤᠳᠠᠳᠤ ᠪᠠᠶᠢᠳᠠᠯ ᠳᠤ ᠴᠢᠭᠯᠡᠬᠦᠯᠦᠨ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ | ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ | ᠰᠦᠪᠡᠭᠴᠢᠯᠡᠬᠦ ᠬᠡᠷᠡᠭᠳᠠᠢ ᠭᠡᠵᠦ ᠳᠤᠷᠠᠳᠴᠤ᠂ ᠥᠪᠦᠷ ᠮᠤᠩᠭᠤᠯ ᠤᠨ ᠬᠦᠭᠵᠢᠯᠳᠠ ᠶᠢᠨ ᠴᠢᠭᠯᠡᠯ ᠢ ᠳᠤᠳᠤᠷᠬᠠᠢᠢᠯᠠᠵᠦ | ᠦᠭᠴᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠲᠦᠪ ᠤᠨ ᠬᠢᠨ | ᠥᠪᠦᠷ ᠮᠤᠩᠭᠤᠯ ᠤᠨ ᠬᠦᠭᠵᠢᠯᠳᠠ ᠶᠢᠨ ᠰᠡᠳᠬᠢᠮᠵᠢ᠂ ᠬᠦᠭᠵᠢᠯᠳᠠ ᠶᠢᠨ ᠠᠷᠭ᠎ᠠ ᠭᠡᠯᠪᠡᠷᠢ᠂ ᠬᠦᠭᠵᠢᠯᠳᠠ ᠶᠢᠨ | ᠠᠷᠭ᠎ᠠ ᠵᠠᠮ ᠤᠨ ᠲᠤᠬᠢᠷᠠᠭᠤᠯᠤᠯᠳᠠ ᠶᠢᠨ ᠶᠠᠪᠤᠴᠠ ᠳᠤ ᠢᠳᠡᠪᠬᠢᠳᠠᠢ ᠤᠷᠤᠯᠴᠠᠵᠦ᠂ ᠥᠪᠦᠷ ᠮᠤᠩᠭᠤᠯ ᠤᠨ ︽ | ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠪᠠᠨ ᠰᠠᠶᠢᠳᠤᠷ ᠬᠢᠵᠦ᠂ ᠨᠠᠮ ᠤᠨ ᠲᠦᠪ ᠬᠤᠷᠢᠶᠠᠨ | ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠪᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠤᠷᠢᠭ ᠰᠠᠨᠠᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠳᠤ ᠤᠶᠤᠨ ᠤ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ | ᠬᠡᠵᠥ ᠢᠯᠡᠳᠬᠡᠪᠡ᠃ | ᠮᠠ ᠵᠢᠶᠠᠨ ᠲᠠᠩ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠤᠯ ᠡᠭᠡ ᠤᠯᠤᠰ ᠤᠨ | ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠤᠯᠤᠰ ᠤᠨ ᠴᠢᠬᠤᠯᠠ | ᠡᠨᠧᠷᠬᠢ ᠶᠢᠨ ᠠᠵᠤ ᠦᠢᠯᠡᠳᠪᠤᠷᠢ ᠶᠢᠨ ᠰᠠᠭᠤᠷᠢᠨ᠂ ᠵᠢᠱᠢᠶᠡᠴᠢ ᠦᠪᠡᠷᠲᠡᠭᠡᠨ ᠵᠠᠰᠠᠬᠤ ᠤᠷᠤᠨ ᠮᠦᠨ᠃ ᠡᠳᠡᠭᠡᠷ | ᠵᠢᠯ ᠳᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠥᠪᠦᠷ | ᠮᠤᠩᠭᠤᠯ ᠤᠨ ᠠᠵᠤ ᠠᠬᠤᠢ ᠨᠡᠶᠢᠭᠡᠮ ᠦᠷᠬᠦᠯᠵᠢᠯᠡᠨ ᠡᠷᠡᠬᠦᠯ ᠢᠶᠠᠷ ᠬᠦᠭᠵᠢᠵᠡᠢ᠃ ᠥᠪᠦᠷ ᠮᠤᠩᠭᠤᠯ ᠤᠨ | ᠬᠦᠭᠵᠢᠯᠳᠠ ᠶᠢ ᠳᠡᠮᠵᠢᠬᠦ ᠨᠢ ᠳᠠᠷᠤᠢ ᠪᠦᠬᠦ ᠤᠯᠤᠰ ᠤᠨ ᠬᠦᠭᠵᠢᠯᠳᠠ ᠶᠢ ᠳᠡᠮᠵᠢᠵᠦ ᠪᠠᠶᠢᠭ᠎ᠠ ᠶᠠᠪᠤᠳᠠᠯ ᠮᠦᠨ᠂ | ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠲᠦᠪ ᠤᠨ ᠬᠢᠨ ᠳᠤᠷᠠᠳᠠᠶ᠎ᠠ | ᠬᠠᠮᠳᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠬᠤ ᠪᠠᠷ ᠳᠠᠮᠵᠢᠭᠤᠯᠤᠨ ᠥᠪᠦᠷ ᠮᠤᠩᠭᠤᠯ | ᠤᠨ ᠬᠡᠯᠪᠡᠷᠢ ᠪᠠᠨ ᠬᠤᠪᠢᠷᠠᠭᠤᠯᠬᠤ ᠬᠦᠭᠵᠢᠯᠳᠠ ᠳᠤ ᠤᠶᠤᠨ ᠤ ᠳᠡᠮᠵᠢᠯᠭᠡ ᠬᠠᠩᠭᠠᠨ᠎ᠠ ᠭᠡᠵᠦ ᠢᠯᠡᠳᠭᠡᠪᠠ᠃ | ᠵᠦᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠥᠪᠦᠷ ᠮᠤᠩᠭᠤᠯ ᠤᠨ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ᠂ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ᠂ ᠰᠢᠢᠳᠪᠤᠷᠢᠳᠦ | ᠪᠤᠳᠤᠯᠭ᠎ᠠ ᠶᠢᠨ ᠵᠦᠪᠯᠡᠯᠭᠡ ᠦᠭᠴᠤ ᠰᠤᠳᠤᠯᠭᠠᠨ ᠬᠢᠬᠦ ᠴᠢᠳᠠᠪᠤᠷᠢᠳᠠᠨ ᠢ ᠬᠦᠮᠦᠵᠢᠬᠦᠯᠬᠦ ᠵᠡᠷᠭᠡ ᠤᠯᠠᠨ ᠬᠦᠷᠢᠶᠡᠨ ᠳᠤ | ᠤᠷᠳᠤ ᠬᠤᠭᠤᠴᠠᠭᠠᠨ ᠤ ᠬᠠᠮᠳᠤᠷᠠᠯᠴᠠᠭ᠎ᠠ ᠦᠷᠨᠢᠬᠦᠯᠬᠦ ᠪᠤᠯᠤᠨ᠎ᠠ᠃ |