ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠴᠠ ᠠᠳᠠᠯᠢ ᠬᠠᠷᠢᠭᠤᠴᠠᠯᠭ᠎ᠠ ᠡᠭᠦᠷᠭᠡᠯᠡᠬᠦ | ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠣ᠂ ᠢᠳᠡᠭᠡᠨ ᠤ ᠠᠮᠤᠷ ᠲᠦᠪᠰᠢᠨ ᠤ ᠬᠠᠷᠢᠶ᠎ᠠ | ᠤᠷᠤᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠬᠦ ᠶᠢᠨ ᠲᠥᠯᠥᠭᠡ᠂ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠣᠷᠣᠨ | ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠤᠨ ᠲᠣᠭᠲᠠᠭᠠᠯ︾ ᠢ ᠦᠨᠳᠦᠰᠦᠯᠡᠵᠦ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠤᠶᠢᠷ᠎ᠠ ᠳᠤ ︽ᠪᠤᠭᠤᠲᠤ ᠬᠤᠲᠠ ᠶᠢᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠤᠨ ᠨᠠᠷᠢᠨ ᠳᠠᠩᠰᠠ︾ ᠶᠢ ᠲᠦᠷᠦᠭᠦᠯᠡᠨ ᠰᠤᠳᠤᠯᠤᠨ ᠨᠡᠶᠢᠲᠡᠯᠡᠪᠡ᠂ ᠡᠨᠡ ᠨᠢ | ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠭᠰᠠᠨ ᠠᠩᠬᠠᠳᠠᠭᠴᠢ ᠬᠤᠲᠠ ᠪᠣᠯᠤᠨ᠎ᠠ᠃ | ︽ᠪᠤᠭᠤᠲᠤ ᠬᠤᠲᠠ ᠶᠢᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠤᠨ ᠨᠠᠷᠢᠨ ᠳᠠᠩᠰᠠ︾ ᠶᠢ ᠬᠤᠲᠠ ᠶᠢᠨ ᠵᠠᠰᠠᠭ ᠤᠨ ᠣᠷᠳᠣᠨ ᠤ 2019 ᠣᠨ ᠤ | 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ | ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 131 ᠳ᠋ᠤᠭᠡᠷ | ᠤᠳᠠᠭᠠᠨ ᠤ ᠬᠤᠷᠠᠯ ᠢᠶᠠᠷ ᠰᠤᠳᠤᠯᠤᠨ ᠬᠢᠨᠠᠨ ᠵᠥᠪᠯᠡᠵᠦ ᠪᠠᠲᠤᠯᠠᠪᠠ᠃ ︽ᠬᠠᠷᠢᠭᠤᠴᠠᠯᠭ᠎ᠠ ᠶᠢᠨ ᠨᠠᠷᠢᠨ ᠳᠠᠩᠰᠠ︾ | ᠨᠢ ᠬᠤᠲᠠ ᠶᠢᠨ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ᠂ ᠬᠤᠲᠠ ᠶᠢᠨ ᠵᠠᠰᠠᠭ ᠤᠨ ᠣᠷᠳᠣᠨ ᠤ ᠭᠤᠤᠯ | ᠬᠠᠷᠢᠭᠤᠴᠠᠯᠭᠠᠲᠠᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠪᠤᠰᠤᠳ ᠪᠦᠷᠢᠯᠳᠦᠬᠦᠨ᠂ | ᠬᠤᠲᠠ ᠶᠢᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠤᠰᠤᠳ ᠪᠦᠷᠢᠯᠳᠦᠬᠦᠨ᠂ ᠢᠳᠡᠭᠡᠨ ᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠡᠯ᠎ᠡ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠡᠷᠭᠡ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ | ᠠᠮᠤᠷ ᠲᠦᠪᠰᠢᠨ ᠤ ᠬᠠᠷᠢᠭᠤᠴᠠᠯᠭ᠎ᠠ ᠶᠢ ᠲᠤᠰ ᠲᠤᠰ ᠲᠣᠳᠣᠷᠬᠠᠶᠢᠯᠠᠵᠤ᠂ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢ ᠨᠠᠷᠢᠨ ᠳᠠᠩᠰᠠᠴᠢᠯᠠᠭᠰᠠᠨ᠂ ᠨᠠᠷᠢᠨ ᠲᠣᠳᠣᠷᠬᠠᠶ᠂ ᠪᠤᠲᠠᠲᠠᠢ ᠪᠣᠯᠭᠠᠵᠤ᠂ ᠠᠵᠢᠯᠯᠠᠭᠠᠨᠲᠤ | ᠴᠢᠨᠠᠷ ᠢᠶᠠᠷ ᠨᠠᠩ ᠴᠢᠩᠭ᠎ᠠ ᠪᠣᠯᠭᠠᠪᠠ᠃ ︽ᠬᠠᠷᠢᠭᠤᠴᠠᠯᠭ᠎ᠠ ᠶᠢᠨ ᠨᠠᠷᠢᠨ ᠳᠠᠩᠰᠠ︾ ᠨᠢ ︽ᠵᠠᠩᠭᠢᠯᠠᠭ᠎ᠠ ᠶᠢᠨ | ᠴᠥᠭᠡᠨ ᠲᠣᠭᠠᠲᠠᠨ︾ ︽ᠵᠠᠩᠭᠢᠯᠠᠭ᠎ᠠ ᠶᠢᠨ ᠪᠠᠶᠢᠭᠤᠯᠤᠮᠵᠢ︾ ᠶᠢ ᠴᠢᠩᠭ᠎ᠠ ᠠᠳᠬᠤᠵᠤ᠂ ᠨᠠᠮ ᠤᠨ ᠬᠤᠷᠢᠶ᠎ᠠ ᠵᠠᠰᠠᠭ | ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠵᠦᠶᠯᠡᠰ ᠢ ᠨᠡᠶᠢᠲᠡ 46 ᠨᠠᠶᠢᠷᠠᠭᠤᠯᠤᠨ | ᠵᠤᠬᠢᠶᠠᠭᠰᠠᠨ ᠢᠶᠠᠷ᠂ ᠬᠠᠷᠢᠭᠤᠴᠠᠯᠭ᠎ᠠ ᠶᠢᠨ ᠨᠠᠷᠢᠨ ᠳᠠᠩᠰᠠ ᠪᠣᠯᠤᠨ ᠡᠭᠦᠷᠭᠡ ᠶᠢᠨ ᠨᠠᠷᠢᠨ ᠳᠠᠩᠰᠠ ᠪᠤᠯᠤᠭᠰᠠᠨ ᠢᠶᠠᠷ | ᠪᠠᠷᠠᠬᠤ ᠥᠬᠡᠶ ᠪᠠᠰᠠ ᠠᠵᠢᠯ ᠤᠨ ᠱᠠᠭᠠᠷᠳᠠᠯᠭ᠎ᠠ ᠪᠣᠯᠤᠨ ᠠᠵᠢᠯ ᠤᠨ ᠵᠦᠭᠯᠡᠭᠦᠷ ᠪᠣᠯᠵᠠᠢ᠃ ︽ᠬᠠᠷᠢᠭᠤᠴᠠᠯᠭ᠎ᠠ ᠶᠢᠨ | ᠨᠠᠷᠢᠨ ᠳᠠᠩᠰᠠ︾ ᠨᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠣᠯᠤᠨ ᠬᠤᠲᠠ ᠶᠢᠨ ᠵᠠᠰᠠᠭ | ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠭᠦᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ | ᠠᠩᠬ᠎ᠠ ᠤᠳᠠᠭ᠎ᠠ ᠠᠯᠪᠠᠨ ᠪᠢᠴᠢᠭ ᠮᠠᠲ᠋ᠧᠷᠢᠶᠠᠯ ᠢᠶᠠᠷ ᠲᠣᠳᠣᠷᠬᠠᠶᠢᠯᠠᠭᠰᠠᠨ ᠶᠠᠪᠤᠳᠠᠯ ᠨᠢ ᠪᠤᠭᠤᠲᠤ ᠬᠤᠲᠠ ᠶᠢᠨ | ᠰᠢᠨ᠎ᠡ ᠡᠭᠦᠳᠦᠯᠲᠦ ᠬᠢᠨᠠᠯᠲᠠ ᠬᠠᠮᠢᠶᠠᠷᠤᠯᠲᠠ ᠶᠢ ᠬᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ︽ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠰᠢᠨ᠎ᠡ ᠦᠨᠳᠦᠷᠴᠡ ᠳᠤ ᠬᠦᠷᠭᠡᠵᠣ᠂ ᠢᠳᠡᠭᠡᠨ ᠤ | ᠠᠮᠤᠷ ᠲᠦᠪᠰᠢᠨ ᠤ ᠬᠠᠷᠢᠶ᠎ᠠ ᠤᠷᠤᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠴᠢᠮᠲᠡᠢ ᠰᠢᠮᠳᠠᠭᠤᠯᠤᠨ | ᠨᠠᠶᠢᠳᠠᠪᠤᠷᠢᠵᠢᠭᠤᠯᠵᠣ᠂ ᠣᠷᠣᠨ ᠨᠤᠲᠤᠭ ᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠲᠦᠪᠰᠢᠨ ᠢ | ᠳᠡᠭᠡᠭᠰᠢᠯᠡᠭᠦᠯᠬᠦ ᠶᠢ ᠠᠬᠢᠭᠤᠯᠤᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠨᠠᠩ | ᠰᠠᠶᠢᠲᠤᠷ ᠪᠠᠲᠤᠯᠠᠬᠤ ᠪᠣᠯᠤᠨ᠎ᠠ᠃ |