ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠲᠠᠲᠠᠪᠤᠷᠢ ᠶᠢ | ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠬᠤᠶᠠᠳᠠᠭᠴᠢ ᠣᠳᠠᠭᠠᠨ ᠤ ᠲᠠᠲᠠᠪᠤᠷᠢᠯᠠᠬᠤ ᠬᠤᠭᠤᠴᠠᠭᠠᠨ | ᠳᠤ ᠮᠠᠨᠵᠤᠤᠷ ᠬᠤᠲᠠ ᠶᠢᠨ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠭᠠᠶᠢᠯᠢ ᠶᠢᠨ ᠶᠠᠪᠤᠳᠠᠯ | ᠤᠨ ᠲᠣᠪᠴᠢᠶ᠎ᠠ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠨᠥᠬᠦᠴᠡᠯ ᠳᠤ ᠨᠡᠶᠢᠴᠡᠬᠦ ᠭᠠᠶᠢᠯᠢ | ᠲᠤᠰᠢᠶᠠᠭᠴᠢ ᠳᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠦᠷᠲᠡᠭᠡᠬᠦ ᠶᠢ ᠦᠨᠡᠨ ᠬᠦ ᠪᠠᠲᠤᠯᠠᠵᠤ᠂ ᠭᠠᠶᠢᠯᠢ ᠶᠢ | ᠬᠦᠩᠭᠡᠯᠡᠵᠤ ᠰᠦᠢᠳᠬᠡᠯ ᠢ ᠪᠠᠭᠤᠷᠠᠭᠤᠯᠬᠤ ᠠᠰᠢᠭ ᠣᠯᠵᠠᠪᠣᠷᠢ ᠶᠢ ᠤᠨᠤᠪᠴᠢᠳᠠᠢ ᠨᠠᠶᠢᠳᠠᠪᠣᠷᠢᠵᠢᠭᠤᠯᠵᠡᠢ᠃ | ᠡᠯ᠎ᠡ ᠵᠦᠶᠯ ᠤᠨ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠤᠨ | ᠢᠶᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠮᠲᠤᠷᠠᠯᠴᠠᠭᠠᠨ ᠤ ᠣᠷᠣᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠠᠴᠠ ᠭᠠᠶᠢᠯᠢ ᠶᠢ ᠬᠦᠩᠭᠡᠯᠡᠵᠤ ᠰᠦᠢᠳᠬᠡᠯ ᠢ ᠪᠠᠭᠤᠷᠠᠭᠤᠯᠬᠤ ᠤᠬᠠᠭᠤᠯᠭ᠎ᠠ ᠶᠢᠨ ᠬᠡᠷᠡᠭᠵᠢᠭᠦᠯᠬᠦ ᠲᠥᠰᠦᠯ | ᠢ ᠲᠣᠭᠲᠠᠭᠠᠬᠤ ᠶᠢᠨ ᠬᠠᠮᠲᠤ ᠭᠠᠶᠢᠯᠢ ᠬᠥᠩᠭᠡᠯᠡᠬᠦ ᠶᠠᠷᠢᠶ᠎ᠠ ᠬᠡᠯᠡᠯᠴᠡᠭᠡᠨ ᠤ ᠬᠢᠨᠠᠨ ᠡᠵᠡᠮᠳᠡᠬᠦ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠨᠡᠶᠢᠲᠡᠯᠡᠵᠦ᠂ ᠭᠠᠶᠢᠯᠢ ᠬᠥᠩᠭᠡᠯᠡᠬᠦ ᠦᠶᠯᠡᠴᠢᠯᠡᠭᠡᠨ ᠤ ᠲᠢᠩᠬᠢᠮ ᠤᠨ | ᠲᠦᠭᠵᠢᠷᠡᠬᠦ ᠠᠶᠤᠯ ᠲᠦᠭᠰᠢᠭᠦᠷᠢ ᠶᠢ ᠤᠷᠢᠳᠴᠢᠯᠠᠨ ᠰᠢᠶᠳᠪᠦᠷᠢᠯᠡᠵᠦ᠂ ᠭᠠᠶᠢᠯᠢ ᠭᠦᠶᠴᠡᠳᠬᠡᠬᠦ ᠦᠶᠯᠡᠴᠢᠯᠡᠭᠡᠨ ᠤ | ᠲᠢᠩᠬᠢᠮ ᠤᠨ ᠴᠣᠩᠬᠤᠨ ᠤ ᠪᠠᠴᠢᠮ ᠪᠠᠶᠢᠳᠠᠯ ᠢ ᠠᠷᠭᠠᠴᠠᠬᠤ ᠱᠠᠲᠤᠯᠵᠢᠨ ᠡᠩᠨᠡᠭᠡ ᠶᠢ ᠪᠠᠶᠢᠭᠤᠯᠵᠤ᠂ ᠴᠣᠩᠬᠤ ᠪᠠ | ᠭᠠᠶᠢᠯᠢ ᠵᠢᠯᠣᠭᠤᠳᠬᠤ ᠠᠵᠢᠯᠲᠠᠨ ᠢ ᠭᠦᠶᠴᠡᠳ ᠲᠣᠬᠢᠷᠠᠭᠤᠯᠬᠤ ᠶᠢᠨ ᠬᠠᠮᠲᠤ ᠭᠠᠶᠢᠯᠢ ᠶᠢ ᠬᠦᠩᠭᠡᠯᠡᠵᠤ ᠰᠦᠢᠳᠬᠡᠯ ᠢ | ᠪᠠᠭᠤᠷᠠᠭᠤᠯᠬᠤ ᠲᠤᠬᠠᠶᠢᠯᠠᠭᠰᠠᠨ ᠠᠵᠢᠯ ᠢ ᠭᠦᠶᠴᠡᠳᠬᠡᠬᠦ ᠲᠤᠰᠬᠠᠶ ᠴᠣᠩᠬᠤ ᠭᠠᠷᠭᠠᠵᠤ᠂ ᠭᠠᠶᠢᠯᠢ ᠶᠢ ᠬᠦᠩᠭᠡᠯᠡᠵᠤ | ᠰᠦᠢᠳᠬᠡᠯ ᠢ ᠪᠠᠭᠤᠷᠠᠭᠤᠯᠬᠤ ᠠᠰᠠᠭᠤᠳᠠᠯ ᠳᠤ ᠲᠤᠰᠬᠠᠶ ᠦᠶᠯᠡᠴᠢᠯᠡᠭᠡ ᠬᠠᠩᠭᠠᠪᠠ᠃ ᠡᠭᠦᠨ ᠤ ᠬᠠᠮᠳᠣ᠂ ᠭᠠᠶᠢᠯᠢ | ᠭᠦᠶᠴᠡᠳᠬᠡᠬᠦ ᠵᠦᠶᠯᠡᠰ ᠤᠨ ᠤᠷᠢᠳᠴᠢᠯᠠᠨ ᠪᠣᠯᠵᠣᠬᠤ ᠦᠶᠯᠡᠴᠢᠯᠡᠭᠡ ᠪᠠ ᠭᠠᠶᠢᠯᠢ ᠭᠦᠶᠴᠡᠳᠬᠡᠬᠦ ᠦᠶᠯᠡᠴᠢᠯᠡᠭᠡᠨ ᠤ | ᠲᠢᠩᠬᠢᠮ ᠤᠨ ᠠᠵᠢᠯᠯᠠᠬᠤ ᠴᠠᠭ ᠢᠶᠠᠨ ᠬᠤᠶᠢᠰᠢᠯᠠᠭᠤᠯᠵᠤ ᠭᠠᠶᠢᠯᠢ ᠳᠠᠳᠠᠪᠣᠷᠢᠯᠠᠬᠤ ᠦᠶᠯᠡᠴᠢᠯᠡᠭᠡ ᠶᠢ ᠬᠡᠷᠡᠭᠵᠢᠭᠦᠯᠵᠦ᠂ | ᠭᠠᠶᠢᠯᠢ ᠭᠦᠶᠴᠡᠳᠬᠡᠬᠦ ᠶᠠᠪᠤᠳᠠᠯ ᠤᠨ ᠲᠦᠭᠵᠢᠷᠡᠯ ᠢ ᠦᠨᠡᠨ ᠬᠦ ᠪᠠᠭᠠᠰᠬᠠᠪᠠ᠃ ᠪᠠᠰᠠ ᠭᠠᠶᠢᠯᠢ ᠲᠤᠰᠢᠶᠠᠬᠤ | ᠦᠶᠯᠡᠴᠢᠯᠡᠭᠡᠨ ᠤ ᠲᠢᠩᠬᠢᠮ ᠳᠤ ᠭᠠᠶᠢᠯᠢ ᠬᠦᠩᠭᠡᠯᠡᠵᠣ ᠰᠦᠢᠳᠬᠡᠯ ᠪᠠᠭᠤᠷᠠᠭᠤᠯᠬᠤ ︽ᠰᠢᠯᠣᠭᠤᠨ ᠵᠠᠮ︾ ᠢ | ᠨᠡᠭᠡᠭᠡᠵᠦ᠂ ᠡᠯ᠎ᠡ ᠭᠠᠵᠠᠷ ᠤᠨ ᠭᠠᠶᠢᠯᠢ ᠲᠤᠰᠢᠶᠠᠭᠴᠢᠳ ᠤᠨ ᠡᠮᠬᠢ ᠵᠢᠷᠣᠮ ᠲᠠᠢ ᠭᠤᠶᠣᠴᠢᠯᠠᠨ ᠮᠡᠳᠡᠬᠦᠯᠬᠦ ᠪᠠ | ︽ᠭᠠᠶᠢᠯᠢ ᠬᠥᠩᠭᠡᠯᠡᠵᠦ ᠲᠠᠲᠠᠪᠤᠷᠢᠯᠠᠬᠤ ᠬᠤᠭᠤᠴᠠᠭ᠎ᠠ︾ ᠶᠢᠨ ᠲᠣᠭᠲᠠᠭᠤᠨ ᠢᠶᠠᠷ ᠶᠠᠪᠤᠭᠳᠠᠬᠤ ᠶᠢ ᠦᠨᠡᠨ ᠬᠦ | ᠪᠠᠲᠤᠯᠠᠬᠤ ᠪᠠᠷ ᠴᠢᠷᠮᠡᠶᠢᠪᠠ᠃ | ︽ᠰᠢᠯᠣᠭᠤᠨ ᠵᠠᠮ︾ ᠢ ᠨᠠᠩ ᠰᠠᠭᠠᠳ ᠥᠬᠡᠶ ᠨᠡᠪᠲᠡᠷᠡᠭᠦᠯᠬᠦ ᠶᠢᠨ ᠲᠥᠯᠥᠭᠡ᠂ ᠬᠠᠮᠲᠤᠷᠠᠯᠴᠠᠭᠠᠨ ᠤ ᠣᠷᠣᠨ | ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠮᠠᠲ᠋ᠧᠷᠢᠶᠠᠯ ᠢ ᠤᠷᠢᠳᠴᠢᠯᠠᠨ ᠬᠢᠨᠠᠬᠤ ᠣᠷᠣᠨ ᠭᠠᠷᠭᠠᠵᠤ᠂ ᠭᠠᠶᠢᠯᠢ | ᠲᠤᠰᠢᠶᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠣᠷᠣᠨ ᠪᠦᠰᠡ ᠪᠠ ᠴᠠᠭ ᠬᠤᠭᠤᠴᠠᠭ᠎ᠠ ᠬᠤᠪᠢᠶᠠᠨ᠂ | ᠭᠠᠶᠢᠯᠢ ᠲᠤᠰᠢᠶᠠᠬᠤ ᠦᠶᠯᠡᠴᠢᠯᠡᠭᠡᠨ ᠤ ᠲᠢᠩᠬᠢᠮ ᠳᠤ ᠣᠴᠢᠭᠤᠯᠤᠨ ᠭᠠᠶᠢᠯᠢ ᠲᠠᠲᠠᠪᠤᠷᠢ ᠶᠢᠨ ᠤᠴᠢᠷ ᠶᠠᠪᠤᠳᠠᠯ ᠢ | ᠭᠦᠶᠴᠡᠳᠬᠡᠭᠦᠯᠵᠦ᠂ ᠠᠳᠠᠯᠢ ᠪᠤᠰᠤ ᠲᠥᠷᠥᠯ ᠤᠨ ᠭᠠᠶᠢᠯᠢ ᠲᠤᠰᠢᠶᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ | ᠠᠳᠠᠯᠢ ᠪᠤᠰᠤ ᠴᠠᠭ ᠬᠤᠭᠤᠴᠠᠭᠠᠨ ᠳᠤ ᠲᠥᠪᠯᠡᠷᠡᠭᠦᠯᠦᠨ ᠭᠠᠶᠢᠯᠢ ᠲᠤᠰᠢᠶᠠᠯᠭᠠᠵᠤ᠂ ᠭᠠᠶᠢᠯᠢ ᠲᠤᠰᠢᠶᠠᠬᠤ ᠴᠠᠭ ᠢ | ᠤᠯᠠᠮ ᠨᠢᠭᠡ ᠠᠯᠬᠤᠮ ᠪᠣᠭᠤᠨᠢᠰᠬᠠᠨ᠂ ᠭᠠᠶᠢᠯᠢ ᠲᠤᠰᠢᠶᠠᠭᠴᠢ ᠪᠠ ᠦᠶᠯᠡᠴᠢᠯᠡᠭᠡᠨ ᠤ ᠠᠵᠢᠯᠲᠠᠨ ᠤ ᠳᠠᠷᠤᠭᠠᠰᠤ ᠶᠢ | ︽ᠬᠥᠩᠭᠡᠷᠡᠭᠦᠯᠬᠦ︾ ᠶᠢ ᠪᠡᠶᠡᠯᠡᠭᠦᠯᠪᠡ᠃ |