| | 7 ᠰᠠᠷ᠎ᠠ ᠶᠢᠨ 25 ᠤ ᠦᠳᠡ ᠶᠢᠨ ᠡᠮᠤᠨ᠎ᠡ᠂ ᠪᠦᠬᠦ ᠤᠷᠤᠨ ᠤ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠱᠠᠩᠨᠠᠨ ᠬᠦᠬᠢᠭᠦᠯᠬᠦ ᠶᠡᠭᠡ ᠬᠤᠷᠠᠯ ᠬᠦᠬᠡᠬᠤᠳᠠ ᠳᠤ ᠦᠪᠡᠳᠡᠭᠰᠢ ᠶᠡᠭᠡ ᠪᠠᠷ ᠬᠤᠷᠠᠯᠳᠤᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ᠂ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠰᠠᠶᠢᠳ ᠸᠠᠩ ᡁᠢ ᠭᠠᠩ 2015 | — 2018 ᠤᠨ ᠤ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ | ᠡᠬᠦᠳᠴᠤ ᠬᠦᠭᠵᠢᠬᠦ ᠳᠤ ᠳᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠳᠡᠷᠢᠬᠦᠨ ᠤ ᠬᠠᠮᠳᠤ ᠪᠤᠯᠤᠨ ᠬᠤᠪᠢ | ᠬᠦᠮᠦᠨ ᠳᠤ ᠱᠠᠩᠨᠠᠯ ᠭᠠᠷᠳᠠᠭᠤᠯᠪᠠ᠃ | ᠰᠤᠷᠪᠤᠯᠵᠢᠯᠠᠬᠴᠢ ᠶᠤᠸᠠᠨ ᠶᠦᠩ ᠬᠤᠩ ᠰᠡᠬᠦᠳᠡᠷᠯᠡᠪᠡ | | 7 ᠰᠠᠷ᠎ᠠ ᠶᠢᠨ 25 ᠤ ᠦᠳᠡ ᠶᠢᠨ ᠡᠮᠤᠨ᠎ᠡ᠂ ᠪᠦᠬᠦ ᠤᠷᠤᠨ ᠤ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠱᠠᠩᠨᠠᠨ ᠬᠦᠬᠢᠭᠦᠯᠬᠦ ᠶᠡᠭᠡ ᠬᠤᠷᠠᠯ ᠬᠦᠬᠡᠬᠤᠳᠠ ᠳᠤ ᠦᠪᠡᠳᠡᠭᠰᠢ ᠶᠡᠭᠡ ᠪᠠᠷ ᠬᠤᠷᠠᠯᠳᠤᠵᠥ᠂ 2015 | — 2018 ᠤᠨ ᠤ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ | ᠡᠬᠦᠳᠴᠤ ᠬᠦᠭᠵᠢᠬᠦ ᠳᠤ ᠳᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠳᠡᠷᠢᠬᠦᠨ ᠤ ᠬᠠᠮᠳᠤ ᠪᠤᠯᠤᠨ ᠬᠤᠪᠢ | ᠬᠦᠮᠦᠨ ᠢ ᠬᠦᠬᠢᠬᠦᠯᠪᠡ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ ᠳᠠᠯᠪᠢᠵᠠᠢ᠂ | ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ | ᠰᠠᠶᠢᠳ ᠸᠠᠩ ᡁᠢ ᠭᠠᠩ᠂ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠯᠢᠨ ᠱᠤᠤ ᠴᠦᠨ᠂ ᠮᠠ ᠰᠢᠤᠸᠠᠢ | ᠵᠢᠶᠦ᠋ᠨ᠂ ᠪᠠᠢ ᠢᠥᠢ ᠭᠠᠩ᠂ ᠶᠠᠩ ᠸᠧᠢ ᠳ᠋ᠦᠩ᠂ ᠵᠠᠩ ᠱᠤᠤ ᠴᠦᠨ᠂ ᠡᠤ ᠳᠤᠸᠠᠨ ᠶᠢᠩ᠂ ᠡᠸᠤ ᠶᠠᠩ ᠰᠢᠶᠤᠤ | ᠬᠤᠢ᠂ ᠸᠠᠩ ᠵᠦᠩ ᠾᠧ ᠬᠤᠷᠠᠯ ᠳᠤ ᠤᠷᠤᠯᠴᠠᠪᠠ᠃ ᠬᠤᠷᠠᠯ ᠳᠡᠬᠡᠷ᠎ᠡ᠂ ᠯᠢ ᠵᠢᠢ ᠾᠧᠩ᠂ ᠸᠠᠩ ᡁᠢ ᠭᠠᠩ | ᠪᠤᠯᠤᠨ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠤᠯᠭ᠎ᠠ ᠱᠠᠩᠨᠠᠯ ᠬᠦᠷᠳᠡᠭᠰᠡᠨ ᠳᠦᠯᠦᠬᠡᠯᠡᠭᠴᠢ ᠳᠤ | ᠱᠠᠩᠨᠠᠯ ᠭᠠᠷᠳᠠᠭᠤᠯᠵᠥ᠂ ᠱᠠᠩᠨᠠᠯ ᠬᠦᠷᠳᠡᠭᠰᠡᠨ ᠳᠦᠯᠦᠬᠡᠯᠡᠭᠴᠢ ᠦᠬᠡ ᠭᠡᠯᠡᠪᠡ᠃ | ᠯᠢ ᠵᠢᠢ ᠾᠧᠩ᠂ ᠤᠷᠳᠤ ᠬᠤᠭᠤᠴᠠᠭᠠᠨ ᠤ ᠳᠤᠷᠰᠢ᠂ ᠦᠷᠬᠡᠨ ᠤᠯᠠᠨ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠠᠵᠢᠯᠳᠠᠨ ᠬᠠᠷᠠᠮ ᠦᠬᠡᠢ ᠪᠠᠷ ᠨᠡᠮᠡᠷᠢ ᠬᠠᠨᠳᠢᠪᠯᠠᠵᠤ᠂ ᠰᠢᠷᠭᠠᠭᠤ ᠬᠠᠳᠠᠭᠤᠵᠢᠯᠳᠠᠢ ᠳᠡᠮᠡᠴᠡᠵᠥ᠂ | ᠬᠠᠳᠠᠭᠤ ᠪᠡᠷᠬᠡ ᠯᠠᠪᠳᠠᠭᠤᠨ ᠪᠠᠳᠤᠳᠠᠢ᠂ ᠡᠯᠪᠡᠭ ᠦᠷ᠎ᠡ ᠪᠦᠳᠦᠮᠵᠢ ᠲᠠᠢ ᠠᠵᠢᠯ ᠢ ᠦᠯᠡᠮᠵᠢᠬᠡᠨ ᠬᠢᠵᠥ᠂ ᠦᠪᠦᠷ | ᠮᠤᠩᠭᠤᠯ ᠤᠨ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠳᠤ ᠴᠢᠬᠤᠯᠠ ᠶᠡᠭᠡ ᠬᠤᠪᠢ ᠨᠡᠮᠡᠷᠢ | ᠦᠵᠡᠬᠦᠯᠵᠡᠢ ᠬᠡᠵᠥ ᠵᠢᠭᠠᠵᠥ ᠭᠠᠷᠭᠠᠪᠠ᠃ ᠳᠡᠷᠡ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ | ᠤᠷᠳᠤᠨ ᠤ ᠡᠮᠤᠨ᠎ᠡ ᠠᠴᠠ ᠱᠠᠩᠨᠠᠯ ᠬᠦᠷᠳᠡᠭᠰᠡᠨ ᠪᠠᠶᠢᠭᠤᠯᠭ᠎ᠠ ᠨᠢᠬᠡᠴᠢ ᠪᠤᠯᠤᠨ ᠬᠤᠪᠢ ᠬᠦᠮᠦᠨ ᠳᠤ ᠬᠠᠯᠠᠭᠤᠨ | ᠪᠠᠶᠠᠷ ᠬᠦᠷᠬᠡᠵᠥ ᠪᠠᠶᠢᠬᠤ ᠪᠠᠨ ᠢᠯᠡᠳᠬᠡᠵᠥ᠂ ᠪᠦᠬᠦ ᠤᠷᠤᠨ ᠤ ᠡᠯ᠎ᠡ ᠠᠵᠢᠯ ᠳᠦᠷᠦᠯ ᠲᠡᠭᠡᠷ᠎ᠡ ᠭᠠᠪᠰᠢᠭᠠᠢᠢᠯᠠᠨ | ᠳᠡᠮᠡᠴᠡᠵᠥ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯᠳᠠᠳ ᠲᠤ ᠴᠢᠩ ᠰᠡᠳᠬᠢᠯ ᠤᠨ ᠮᠡᠨᠳᠦᠴᠢᠯᠡᠯ | ᠳᠡᠪᠰᠢᠬᠦᠯᠪᠡ᠃ | ᠯᠢ ᠵᠢᠢ ᠾᠧᠩ᠂ ᠡᠯ᠎ᠡ ᠱᠠᠳᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ | ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠬᠦ ᠳᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ | ᠳᠤᠭᠤᠰᠢᠯᠠᠭᠤᠯᠵᠥ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯ ᠦᠢᠯᠡᠰ ᠤᠨ ᠳᠤᠬᠠᠢ ᠨᠠᠮ ᠤᠨ ᠳᠦᠪ | ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠬᠦᠴᠦᠨ ᠢᠶᠠᠷ | ᠨᠠᠶᠢᠳᠠᠪᠤᠷᠢᠵᠢᠭᠤᠯᠵᠥ᠂ ᠮᠠᠨ ᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯ ᠦᠢᠯᠡᠰ ᠤᠨ | ᠬᠦᠭᠵᠢᠯᠳᠡ ᠶᠢᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠬᠦᠳᠴᠤ᠂ ᠦᠵᠡᠰᠬᠦᠯᠡᠩᠳᠤ ᠰᠠᠶᠢᠬᠠᠨ ᠦᠪᠦᠷ | ᠮᠤᠩᠭᠤᠯ ᠢ ᠪᠦᠳᠦᠬᠡᠨ ᠪᠠᠶᠢᠭᠤᠯᠬᠤ ᠳᠤ ᠬᠦᠴᠦᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ | ᠳᠤᠯᠭᠠᠭᠤᠷᠢᠯᠠᠯ ᠬᠠᠩᠭᠠᠬᠤ ᠬᠡᠷᠡᠭᠳᠡᠢ᠃ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠭᠤᠤᠯ ᠲᠠᠶᠢᠯᠠᠯᠲᠤᠭᠠᠠ ᠤ | ᠲᠠᠯᠠᠪᠤᠷ ᠲᠤ ᠠᠩᠬᠠᠷᠤᠯ ᠢᠶᠠᠨ ᠲᠦᠪᠯᠡᠷᠡᠭᠦᠯᠵᠤ᠂ ᠭᠤᠤᠯᠲᠠᠯᠭ᠎ᠠ ᠲᠠᠢ ᠬᠦᠷᠢᠶ᠎ᠠ ᠪᠤᠯᠤᠨ ᠵᠠᠩᠭᠢᠯᠠᠭ᠎ᠠ ᠶᠢᠨ | ᠭᠤᠭᠴᠤᠭ᠎ᠠ ᠳᠠᠬᠢ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠲᠦᠷᠦᠯ ᠵᠦᠢᠯ ᠢ ᠴᠢᠩᠭᠠᠳᠬᠠᠵᠦ᠂ ᠨᠢᠭᠡ ᠪᠦᠯᠦᠭ | ᠴᠢᠬᠤᠯᠠ ᠶᠡᠭᠡ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠲᠦᠷᠦᠯ ᠵᠦᠢᠯ ᠢ ᠲᠦᠷᠭᠡᠪᠴᠢᠯᠡᠨ ᠭᠡᠷᠡᠭᠵᠢᠭᠦᠯᠵᠦ᠂ | ᠬᠠᠮᠤᠭ ᠤᠨ ᠰᠠᠭᠤᠷᠢ ᠲᠠᠢ᠂ ᠬᠠᠮᠤᠭ ᠤᠨ ᠲᠤᠯᠭᠠᠮ ᠭᠡᠷᠡᠭᠴᠡᠭᠡ ᠲᠠᠢ᠂ ᠬᠠᠮᠤᠭ ᠤᠨ ᠲᠠᠪᠠᠯᠲᠠ ᠲᠠᠢ ᠪᠤᠯᠵᠦ ᠲᠡᠶᠢᠯᠬᠦ᠂ | ᠬᠠᠮᠤᠭ ᠠᠴᠠ ᠲᠠᠭᠠᠭᠤᠯᠤᠨ ᠲᠠᠶᠢᠴᠢᠯᠠᠬᠤ ᠦᠢᠯᠡᠲᠦᠯ ᠲᠠᠢ ᠬᠦᠷᠢᠶ᠎ᠠ ᠶᠢ ᠬᠠᠷᠠᠭᠠᠯᠠᠠ᠂ ᠰᠢᠨᠵᠢᠯᠡᠬᠦ ᠤᠬᠠᠭᠠᠠᠴᠢ | ᠲᠦᠯᠦᠪᠵᠢᠭᠦᠯᠭᠡ ᠶᠢ ᠰᠠᠶᠢᠳᠤᠷ ᠬᠢᠵᠦ᠂ ᠲᠦᠪᠯᠡᠷᠡᠭᠦᠯᠦᠨ ᠪᠤᠭᠤᠮᠲᠠ ᠰᠢᠪᠲᠤᠯᠬᠤ ᠶᠢ ᠰᠠᠶᠢᠳᠤᠷ ᠠᠳᠬᠤᠬᠤ | ᠭᠡᠷᠡᠭᠲᠡᠢ᠃ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠦ᠂ ᠠᠵᠦ ᠠᠬᠤᠢᠢᠯᠠᠯ᠂ ᠶᠡᠭᠡ ᠲᠡᠭᠡᠲᠦ ᠰᠤᠷᠭᠠᠭᠤᠯᠢ ᠪᠤᠯᠤᠨ ᠰᠢᠨᠵᠢᠯᠡᠬᠦ ᠤᠬᠠᠭᠠᠠ ᠤ ᠰᠤᠲᠤᠯᠭᠠᠠ ᠤ | ᠬᠦᠷᠢᠶᠡᠯᠡᠩ ᠭᠠᠵᠠᠷ᠂ ᠬᠦᠷᠢᠶᠡᠯᠡᠩ ᠲᠤᠭᠤᠷᠢᠭ ᠵᠢᠴᠢ ᠡᠯ᠎ᠠ ᠲᠦᠷᠦᠯ ᠤᠨ ᠲᠠᠪᠴᠠᠩ ᠤᠨ ᠰᠢᠨ᠎ᠠ ᠶᠢ ᠡᠭᠦᠳᠬᠦ | ᠦᠢᠯᠡᠲᠦᠯ ᠢ ᠴᠢᠬᠤᠯᠠᠴᠢᠯᠠᠵᠦ᠂ ᠤᠷᠤᠠ ᠪᠦᠰᠡ ᠶᠢᠨ ᠰᠢᠨ᠎ᠠ ᠶᠢ ᠡᠭᠦᠳᠬᠦ ᠴᠢᠲᠠᠪᠤᠷᠢ ᠶᠢ ᠪᠦᠬᠦ ᠲᠡᠯ᠎ᠠ ᠪᠠᠷ | ᠲᠡᠭᠡᠭᠰᠢᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ | ᠬᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠠᠮᠢ ᠠᠬᠤᠢ ᠶᠢ | ᠴᠢᠨᠠᠭᠰᠢᠲᠠ ᠰᠢᠯᠢᠲᠡᠭᠵᠢᠭᠦᠯᠵᠦ᠂ ᠠᠰᠠᠭᠤᠲᠠᠯ ᠢᠶᠠᠷ ᠤᠳᠤᠷᠢᠳᠤᠮᠵᠢ ᠪᠤᠯᠭᠠᠬᠤ᠂ ᠤᠷᠮᠠᠰᠢᠭᠤᠯᠬᠤ ᠪᠠᠷ | ᠤᠳᠤᠷᠢᠳᠤᠮᠵᠢ ᠪᠤᠯᠭᠠᠬᠤ ᠪᠠ ᠪᠤᠲᠠᠲᠤ ᠭᠡᠷᠡᠭᠯᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠦ᠂ ᠦᠷᠭᠡᠡ ᠤᠯᠠᠠ | ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠠᠵᠢᠯᠲᠠᠨ ᠢ ᠬᠦᠲᠦᠯᠦᠨ ᠵᠢᠯᠤᠭᠤᠳᠴᠤ ᠰᠢᠨᠵᠢᠯᠡᠬᠦ ᠤᠬᠠᠭᠠᠠ ᠲᠧᠭᠨᠢᠭ | ᠮᠡᠷᠭᠡᠵᠢᠯ ᠤᠨ ᠰᠢᠨ᠎ᠠ ᠡᠭᠦᠳᠦᠯᠳᠡ ᠶᠢᠨ ᠦᠷ᠎ᠡ ᠪᠦᠳᠦᠭᠡᠯ ᠢ ᠦᠨᠡᠡ ᠪᠤᠲᠠᠲᠠᠢ ᠠᠵᠦ ᠦᠢᠯᠡᠰ ᠤᠨ ᠠᠵᠢᠯᠯᠠᠭ᠎ᠠ | ᠪᠤᠯᠭᠠᠠ ᠬᠤᠪᠢᠷᠠᠭᠤᠯᠵᠦ᠂ ᠠᠵᠦ ᠠᠬᠤᠢ ᠨᠡᠶᠢᠭᠡᠮ ᠤᠨ ᠬᠦᠭᠵᠢᠯᠲᠠ ᠶᠢ ᠠᠬᠢᠭᠤᠯᠬᠤ ᠪᠤᠲᠠᠲᠤ ᠬᠦᠲᠡᠯᠭᠡᠬᠦ ᠬᠦᠴᠤᠨ | ᠪᠤᠯᠭᠠᠠ ᠬᠤᠪᠢᠷᠠᠭᠤᠯᠬᠤ ᠬᠡᠷᠡᠭᠲᠡᠢ᠃ ᠴᠢᠲᠠᠪᠤᠷᠢᠲᠠᠠ ᠢ ᠨᠢᠭᠡᠲᠦᠭᠡᠷ ᠡᠬᠢ ᠪᠠᠶᠠᠯᠢᠭ ᠪᠤᠯᠭᠠᠬᠤ ᠶᠢ ᠪᠠᠷᠢᠮᠲᠠᠯᠠᠵᠦ᠂ | ᠴᠢᠲᠠᠪᠤᠷᠢᠲᠠᠠ ᠤ ᠦᠨᠲᠦᠷᠯᠢᠭ ᠭᠠᠵᠠᠷ ᠢ ᠶᠡᠭᠡ ᠪᠠᠷ ᠪᠠᠶᠢᠭᠤᠯᠵᠦ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ | ᠡᠷᠲᠡᠮᠲᠡᠡ ᠴᠢᠲᠠᠪᠤᠷᠢᠲᠠᠠ ᠢ ᠲᠦᠪᠯᠡᠷᠡᠭᠦᠯᠦᠨ ᠭᠡᠷᠡᠭᠯᠡᠬᠦ ᠬᠡᠷᠡᠭᠲᠡᠢ᠃ ᠨᠠᠮ ᠤᠨ ᠤᠲᠤᠷᠢᠲᠤᠯᠭ᠎ᠠ ᠶᠢ ᠦᠨᠡᠡ ᠬᠦ | ᠴᠢᠩᠭᠠᠳᠬᠠᠵᠦ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠦᠢᠯᠡᠰ ᠤᠨ ᠬᠦᠭᠵᠢᠯᠲᠠ ᠳᠤ ᠬᠦᠴᠤᠳᠦ | ᠪᠠᠲᠤᠯᠠᠭ᠎ᠠ ᠬᠠᠩᠭᠠᠬᠤ ᠭᠡᠷᠡᠭᠲᠡᠢ᠃ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠦᠷᠨᠢᠭᠦᠯᠬᠦ ᠪᠠᠷ ᠠᠵᠠ ᠲᠤᠬᠢᠶᠠᠯ ᠪᠤᠯᠭᠠᠠ᠂ ᠲᠤᠰ ᠭᠠᠵᠠᠷ ᠤᠷᠤᠨ | ᠲᠤᠰ ᠰᠠᠯᠠᠭ᠎ᠠ ᠮᠦᠴᠢᠷ ᠤᠨ ᠢᠶᠠᠨ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠲᠠᠯ᠎ᠠ ᠪᠠᠷ ᠬᠢ | ᠲᠤᠲᠠᠭᠤᠲᠠᠯ ᠢ ᠨᠠᠷᠢᠨ ᠬᠢᠨᠠᠮᠠᠭᠠᠢ ᠪᠠᠶᠢᠴᠠᠭᠠᠠ ᠦᠵᠡᠵᠦ᠂ ᠬᠠᠷᠠᠯᠳᠠ ᠲᠠᠢ ᠪᠠᠷ ᠰᠤᠮᠤ ᠬᠠᠷᠪᠤᠵᠤ ᠠᠵᠢᠯ ᠢᠶᠠᠨ ᠰᠠᠶᠢᠨ | ᠬᠢᠬᠦ ᠬᠡᠷᠡᠭᠲᠡᠢ᠃ ᠨᠠᠮ ᠵᠠᠰᠠᠭ ᠤᠨ ᠤᠲᠤᠷᠢᠳᠬᠤ ᠺᠠᠳ᠋ᠷ ᠤᠨ ᠰᠢᠯᠢᠲᠡᠭ ᠴᠢᠲᠠᠪᠤᠷᠢᠲᠠᠠ ᠲᠠᠢ ᠬᠠᠷᠢᠯᠴᠠᠬᠤ ᠲᠦᠷᠢᠮ ᠢ | ᠪᠠᠶᠢᠭᠤᠯᠤᠨ ᠲᠡᠭᠦᠯᠲᠡᠷᠵᠢᠭᠦᠯᠵᠦ᠂ ᠦᠷᠭᠡᠡ ᠤᠯᠠᠠ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠠᠵᠢᠯᠲᠠᠨ ᠢ | ᠤᠷᠬᠢᠯᠤᠮ᠎ᠠ ᠬᠠᠯᠠᠭᠤᠨ ᠰᠡᠳᠭᠢᠯᠭᠡ ᠲᠠᠢ ᠪᠠᠷ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ | ᠦᠢᠯᠡᠰ ᠲᠤ ᠤᠷᠤᠯᠴᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠲᠡᠭᠦᠰᠦᠭᠰᠡᠡ ᠤ ᠲᠠᠷᠠᠭ᠎ᠠ᠂ ᠸᠠᠩ ᡁᠢ ᠭᠠᠩ ︽ᠰᠢ ᠶᠢᠨ ᠫᠢᠩ ᠤᠨ ᠰᠢᠨ᠎ᠠ ᠴᠠᠭ ᠦᠶ᠎ᠠ ᠶᠢᠨ | ᠲᠤᠮᠲᠠᠲᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ | ᠰᠢᠨ᠎ᠠ ᠶᠢ ᠡᠭᠦᠳᠬᠦ ᠮᠠᠶ᠋ᠢᠭ ᠤᠨ ᠤᠯᠤᠰ ᠪᠤᠯᠤᠨ ᠲᠡᠯᠡᠭᠡᠢ ᠳ᠋ᠠᠬᠢᠨ ᠤ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ | ᠬᠦᠴᠦᠷᠭᠡᠭ ᠤᠯᠤᠰ ᠢ ᠲᠦᠷᠭᠡᠳᠬᠡᠨ ᠪᠠᠶᠢᠭᠤᠯᠰᠤᠭᠠᠢ︾ ᠭᠡᠬᠦ ᠲᠤᠰᠬᠠᠢ ᠰᠡᠲᠦᠪᠲᠦ ᠲᠠᠶᠢᠯᠤᠮᠵᠢ ᠬᠢᠵᠦ᠂ ᠤᠯᠠᠠ | ᠤᠯᠤᠰ ᠤᠨ ᠬᠠᠷᠠᠭᠠᠰᠤ ᠶᠢᠨ ᠦᠷᠭᠡᠴᠡ᠂ ᠤᠯᠤᠰ ᠤᠨ ᠠᠮᠤᠷ ᠲᠦᠪᠰᠢᠨ ᠤ ᠦᠨᠲᠦᠷᠴᠡ ᠠᠴᠠ᠂ ᠰᠢᠨᠵᠢᠯᠡᠬᠦ | ᠤᠬᠠᠭᠠᠠ ᠲᠧᠭᠨᠢᠭ ᠮᠡᠷᠭᠡᠵᠢᠯ ᠤᠨ ᠬᠦᠴᠦᠷᠭᠡᠭ ᠤᠯᠤᠰ ᠢ ᠪᠠᠶᠢᠭᠤᠯᠬᠤ ᠴᠢᠬᠤᠯᠠ ᠶᠡᠭᠡ ᠲᠤᠲᠤᠭᠠᠲᠤ ᠯᠤᠬᠢᠭ᠂ | ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠬᠤᠰᠢᠭᠤᠷᠠᠯ ᠬᠦᠭᠵᠢᠯᠲᠠ ᠵᠢᠴᠢ ᠠᠵᠦ ᠦᠢᠯᠡᠰ ᠤᠨ | ᠬᠤᠪᠢᠷᠠᠯᠲᠠ ᠶᠢᠨ ᠪᠠᠶᠢᠲᠠᠯ᠂ ᠰᠢᠨ᠎ᠠ ᠴᠠᠭ ᠦᠶ᠎ᠠ ᠶᠢᠨ ᠮᠠᠠ ᠤ ᠤᠯᠤᠰ ᠤᠨ ᠰᠢᠨᠵᠢᠯᠡᠬᠦ ᠤᠬᠠᠭᠠᠠ ᠲᠧᠭᠨᠢᠭ | ᠮᠡᠷᠭᠡᠵᠢᠯ ᠤᠨ ᠰᠢᠨ᠎ᠠ ᠶᠢ ᠡᠭᠦᠳᠬᠦ ᠪᠠᠶᠢᠯᠲᠤᠬᠤ ᠪᠤᠲᠤᠯᠭ᠎ᠠ ᠶᠢᠨ ᠠᠷᠭ᠎ᠠ ᠪᠤᠲᠤᠯᠭ᠎ᠠ ᠪᠤᠯᠤᠨ ᠰᠢᠨᠵᠢᠯᠡᠬᠦ ᠤᠬᠠᠭᠠᠠ | ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠭᠤᠤᠯ ᠡᠬᠦᠷᠭᠡ ᠳᠤ ᠬᠦᠨᠵᠡᠭᠡᠢ ᠵᠠᠲᠠᠯᠤᠯᠲᠠ ᠬᠢᠵᠠᠢ᠃ | |