ᠲᠦᠩᠯᠢᠶᠣᠤ ᠬᠤᠲᠠ ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠬᠥᠭᠵᠢᠯᠲᠡ ᠳᠤ ᠡᠷᠴᠢᠮᠳᠠᠢ ᠦᠶᠯᠡᠴᠢᠯᠡᠪᠡ
ᠨᠡᠶᠢᠲᠡᠯᠡᠭᠰᠡᠨ ᠴᠠᠭ᠄
2019/7/26
     1 — 5 ᠳ᠋ᠤᠭᠠᠷ ᠰᠠᠷ᠎ᠠ ᠳᠤ᠂ ᠲᠦᠩᠯᠢᠶᠣᠤ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠯᠲᠡ ᠲᠠᠢ ᠪᠤᠯᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠎ ᠶᠢᠨ ᠠᠷᠠᠯᠵᠢᠶᠠᠨ ᠤ ᠶᠡᠷᠦᠩᠬᠡᠶ ᠬᠡᠮᠵᠢᠶ᠎ᠡ 100896.07 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.28%᠎ ᠪᠠᠷ ᠨᠡᠮᠡᠭᠳᠡᠪᠡ᠂ ᠡᠭᠦᠨ ᠳᠤ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠶᠡᠷᠦᠩᠬᠡᠶ ᠬᠡᠮᠵᠢᠶ᠎ᠡ 99567.49 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.99%᠎ ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠶᠡᠷᠦᠩᠬᠡᠶ ᠬᠡᠮᠵᠢᠶ᠎ᠡ 1328.58 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 799.51%᠎ ᠪᠠᠷ ᠨᠡᠮᠡᠭᠳᠡᠪᠡ᠃      ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠨᠠᠩ ᠰᠠᠶᠢᠨ ᠨᠠᠩ ᠲᠦᠷᠭᠡᠨ ᠬᠥᠭᠵᠢᠯᠲᠡ ᠳᠤ ᠦᠶᠯᠡᠴᠢᠯᠡᠬᠦ ᠎ ᠶᠢᠨ ᠲᠥᠯᠥᠭᠡ᠂ ᠲᠦᠩᠯᠢᠶᠣᠤ ᠬᠤᠲᠠ ᠢᠳᠡᠪᠬᠢᠲᠡᠢ ᠦᠶᠯᠡᠳᠦᠯ ᠦᠵᠡᠭᠦᠯᠪᠡ᠃ ᠦᠶᠯᠡᠴᠢᠯᠡᠬᠦ ᠡᠲᠡᠭᠡᠳ ᠤᠨ ᠲᠠᠯ᠎ᠠ ᠎ ᠪᠠᠷ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠣ᠂ ᠪᠣᠭᠤᠮᠲᠠ ᠪᠠ ᠠᠵᠤ ᠠᠬᠤᠶᠢᠯᠠᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠦᠷᠨᠢᠬᠦᠯᠦᠨ᠂ ᠪᠣᠭᠤᠮᠲᠠ ᠎ ᠪᠠᠷ ᠥᠩᠭᠡᠷᠡᠬᠦ ᠶᠢ ᠳᠥᠭᠦᠮᠴᠢᠯᠡᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠬᠠᠭᠤᠯᠤᠨ ᠲᠠᠶᠢᠯᠪᠤᠷᠢᠯᠠᠵᠤ᠂ ᠪᠣᠭᠤᠮᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠰᠣᠨᠣᠰᠴᠡᠢ︔ ᠦᠶᠯᠡᠴᠢᠯᠡᠭᠡᠨ ᠤ ᠲᠣᠭᠲᠠᠴᠠ ᠶᠢᠨ ᠲᠠᠯ᠎ᠠ ᠪᠠᠷ᠂ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠤᠷᠢᠳᠴᠢᠯᠠᠨ ᠪᠣᠯᠵᠣᠵᠤ ᠪᠣᠭᠤᠮᠲᠠ ᠦᠩᠬᠡᠷᠡᠬᠦᠯᠬᠦ ᠵᠡᠷᠭᠡ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠢᠯᠠᠩᠭᠤᠶ᠎ᠠ ᠧᠦ᠋ᠷᠣᠫᠠ ᠲᠢᠪ ᠵᠦᠭ ᠠᠶᠠᠯᠠᠬᠤ ᠵᠢᠰᠢᠶᠠᠨ ᠤ ᠭᠠᠯᠲᠤ ᠲᠡᠷᠭᠡ ᠳᠤ ᠰᠢᠯᠣᠭᠤᠨ ᠵᠠᠮ ᠢ ᠨᠡᠭᠡᠭᠡᠵᠦ᠂ ᠠᠴᠢᠶᠠᠯᠠᠭᠰᠠᠨ ᠡᠳ᠋ ᠪᠠᠷᠠᠭ᠎ᠠ ᠶᠢ ᠤᠷᠢᠳ ᠢᠶᠠᠷ ᠰᠢᠶᠳᠪᠦᠷᠢᠯᠡᠵᠦ᠂ ᠬᠠᠮᠤᠭ ᠤᠨ ᠶᠡᠭᠡ ᠴᠢᠳᠠᠪᠤᠷᠢ ᠎ ᠪᠠᠷ ᠮᠠᠨᠵᠤᠤᠷ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠥᠩᠭᠡᠷᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠬᠦᠯᠵᠡᠢ︔ ᠦᠶᠯᠡᠴᠢᠯᠡᠭᠡ ᠶᠢ ᠵᠣᠬᠢᠴᠠᠭᠤᠯᠬᠤ ᠲᠠᠯ᠎ᠠ ᠪᠠᠷ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠯᠢ ᠶᠢᠨ ᠪᠣᠭᠤᠮᠲᠠ ᠲᠠᠢ ᠬᠠᠷᠢᠯᠴᠠᠨ᠂ ᠬᠢᠯᠢ ᠪᠠᠷ ᠥᠩᠭᠡᠷᠡᠬᠦ ᠠᠵᠤ ᠠᠬᠤᠶᠢᠯᠠᠯ ᠢ ᠬᠠᠪᠰᠤᠷᠤᠨ ᠪᠣᠭᠤᠮᠲᠠ ᠥᠩᠭᠡᠷᠡᠬᠦ ᠦᠷ᠎ᠡ ᠪᠦᠲᠦᠮᠵᠢ ᠶᠢ ᠨᠥᠯᠥᠭᠡᠯᠡᠬᠦ ᠬᠦᠴᠦᠨ ᠵᠦᠶᠯ᠂ ᠣᠨᠴᠠᠭᠠᠢᠯᠠᠨ ᠪᠣᠭᠤᠮᠲᠠ ᠥᠩᠭᠡᠷᠡᠬᠦ ᠳᠤ ᠣᠯᠠᠨ ᠳᠠᠬᠢᠨ ᠪᠠᠶᠢᠴᠠᠭᠠᠨ ᠰᠢᠯᠭᠠᠭᠳᠠᠬᠤ ᠶᠠᠪᠤᠴᠠ ᠳᠠᠬᠢ ᠠᠰᠠᠭᠤᠳᠠᠯ ᠢ ᠡᠷᠢᠵᠦ᠂ ᠬᠢᠯᠢ ᠪᠠᠷ ᠥᠩᠭᠡᠷᠡᠬᠦ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠪᠦᠲᠦᠮᠵᠢᠲᠡᠶ ᠳᠡᠭᠡᠭᠰᠢᠯᠡᠬᠦᠯᠵᠡᠢ᠃ ᠡᠭᠦᠨ ᠤ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠡᠵᠡᠩᠨᠡᠯᠲᠡ ᠶᠢᠨ ᠠᠵᠤ ᠠᠬᠤᠶᠢᠯᠠᠯ ᠲᠠᠢ ᠨᠢᠭᠲᠠ ᠬᠤᠯᠪᠣᠭᠠᠯᠠᠨ ᠬᠠᠮᠵᠢᠯᠴᠠᠬᠤ ᠲᠣᠭᠲᠠᠴᠠ ᠶᠢ ᠪᠠᠶᠢᠭᠤᠯᠵᠣ᠂ ᠲᠦᠩᠯᠢᠶᠣᠤ ᠬᠤᠲᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠶᠯᠭᠡᠭᠡᠨ ᠤ ᠲᠥᠪ ︵B ᠬᠡᠯᠪᠡᠷᠢ︶᠂ ᠣᠯᠠᠨ ᠬᠡᠯᠪᠡᠷᠢ ᠶᠢᠨ ᠬᠤᠯᠪᠣᠭᠠᠯᠠᠭᠰᠠᠨ ᠲᠡᠭᠡᠭᠡᠪᠣᠷᠢ ᠶᠢᠨ ᠪᠣᠭᠤᠮᠳᠠ ᠶᠢᠨ ᠬᠢᠨᠡᠨ ᠬᠠᠮᠢᠶᠠᠷᠣᠯᠳᠠ ᠶᠢᠨ ᠲᠠᠯᠠᠪᠤᠷ᠂ ᠭᠠᠳᠠᠭᠠᠳᠤ ᠠᠴᠠ ᠣᠷᠣᠭᠤᠯᠤᠭᠰᠠᠨ ᠮᠣᠳᠣᠨ ᠮᠠᠲ᠋ᠧᠷᠢᠶᠠᠯ ᠡᠳ᠋ᠰᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠠᠮᠵᠢᠵᠤ᠂ ᠣᠷᠣᠨ ᠨᠤᠲᠤᠭ ᠤᠨ ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠰᠢᠨ᠎ᠡ ᠨᠡᠮᠡᠭᠳᠡᠯ ᠢ ᠬᠦᠴᠦᠯᠡᠨ ᠪᠠᠶᠢᠭᠤᠯᠵᠣ᠂ ᠪᠦᠬᠦ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠳᠤ  ᠦᠢᠯᠡᠴᠢᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号