ᠨᠢᠭᠡ ᠳᠤ ᠰᠢᠯᠢ ᠶᠢᠨ ᠭᠤᠣᠯ ᠠᠶᠢᠮᠠᠭ ᠤᠨ ᠨᠢᠭᠡᠳᠦᠭᠡᠷ ᠤᠯᠠᠷᠢᠯ ᠤᠨ ᠥᠷᠢ ᠶᠢ ᠠᠷᠢᠯᠭᠠᠵᠤ ᠵᠠᠷᠤᠯᠭ᠎ᠠ ᠶᠢ | ᠪᠠᠲᠤᠯᠬᠠᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠰᠢᠯᠢ ᠶᠢᠨ | ᠭᠤᠤᠯ ᠠᠶᠢᠮᠠᠭ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠨ ᠣᠯᠭᠤᠯᠲᠠ ᠶᠢ ᠪᠠᠲᠤᠯᠠᠬᠤ ᠠᠵᠢᠯ ᠢ | ᠰᠢᠯᠭᠠᠨ ᠬᠢᠨᠠᠯᠲᠠ ᠶᠢᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠪᠦᠲᠦᠭᠡᠨ ᠪᠠᠶᠢᠭᠤᠯᠵᠤ | ᠪᠠᠶᠢᠭ᠎ᠠ ᠲᠥᠷᠥᠯ ᠵᠦᠶᠯ ᠤᠨ ᠪᠠᠷᠢᠯᠭ᠎ᠠ ᠶᠢᠨ ︽ᠴᠠᠯᠢᠩ ᠪᠠᠲᠤᠯᠠᠬᠤ ᠮᠦᠩᠬᠦ ᠪᠠᠴᠢᠮ ᠪᠠᠶᠢᠳᠠᠯ ᠢ ᠠᠷᠭᠠᠴᠠᠭᠠᠨ ᠲᠦᠷ | ᠲᠣᠬᠢᠷᠠᠭᠤᠯᠬᠤ ᠮᠦᠩᠭᠦ ᠪᠠ ᠭᠤᠷᠪᠠᠨ ᠳᠥᠷᠢᠮ︾ ᠵᠡᠷᠭᠡ ᠨᠠᠢᠮᠠᠨ ᠲᠥᠷᠥᠯ ᠤᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ᠂ ᠰᠢᠯᠢ ᠶᠢᠨ ᠭᠤᠣᠯ ᠠᠶᠢᠮᠠᠭ ᠤᠨ ᠬᠡᠪᠴᠢᠶᠡᠨ ᠳᠠᠬᠢ | ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠣᠯᠭᠤᠭᠰᠠᠨ ᠪᠠᠶᠢᠳᠠᠯ ᠤᠨ ᠲᠤᠬᠠᠢ ᠲᠤᠰᠬᠠᠶ | ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ 2015 ᠣᠨ ᠤ 1 ᠳ᠋ᠤᠭᠡᠷ | ᠰᠠᠷ᠎ᠠ ᠠᠴᠠ 2019 ᠣᠨ ᠤ 5 ᠳ᠋ᠤᠭᠠᠷ ᠰᠠᠷ᠎ᠠ ᠬᠦᠷᠲᠡᠯᠡᠬᠢ ᠰᠢᠯᠢ ᠶᠢᠨ ᠭᠤᠣᠯ ᠠᠶᠢᠮᠠᠭ ᠤᠨ ᠬᠡᠪᠴᠢᠶᠡᠨ ᠳᠠᠬᠢ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠳᠤ ᠴᠠᠯᠢᠩ ᠥᠷᠢᠲᠦᠭᠰᠡᠨ ᠪᠤᠢ ᠪᠦᠬᠦᠢ ᠬᠡᠷᠡᠭ ︵ᠬᠡᠷᠡᠭ | ᠪᠣᠯᠭᠠᠨ ᠳᠠᠩᠰᠠᠯᠠᠭᠰᠠᠨ ᠬᠡᠷᠡᠭ ᠪᠠ ᠵᠣᠬᠢᠴᠠᠭᠤᠯᠤᠨ ᠰᠢᠶᠳᠪᠦᠷᠢᠯᠡᠬᠦ ᠬᠡᠷᠡᠭ ᠪᠠᠭᠲᠠᠨ᠎ᠠ︶ ᠢ ᠡᠮᠬᠢᠯᠡᠨ ᠲᠢᠭᠯᠡᠵᠦ | ᠰᠢᠭᠰᠢᠨ ᠪᠠᠶᠢᠴᠠᠭᠠᠵᠤ᠂ ᠴᠠᠯᠢᠩ ᠬᠢᠭᠡᠳ ᠪᠠᠷᠢᠯᠭ᠎ᠠ ᠶᠢᠨ ᠵᠣᠭᠤᠰᠣᠨ ᠤ ᠪᠠᠶᠢᠳᠠᠯ ᠢ ᠡᠮᠬᠢᠯᠡᠨ ᠲᠢᠭᠯᠡᠵᠦ᠂ ᠬᠡᠷᠡᠭ ᠢ | ᠰᠢᠢᠳᠪᠦᠷᠢᠯᠡᠵᠦ ᠳᠠᠭᠤᠰᠬᠠᠭᠰᠠᠨ ᠪᠣᠯᠪᠠᠴᠦ ᠴᠠᠯᠢᠩ ᠢ ᠳ᠋ᠦᠩᠨᠡᠨ ᠪᠣᠳᠣᠵᠤ ᠣᠯᠭᠤᠭᠰᠠᠨ ᠥᠬᠡᠶ ᠴᠠᠯᠢᠩ | ᠥᠷᠢᠲᠦᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠬᠠᠷᠭᠤᠭᠤᠯᠤᠨ ᠪᠠᠶᠢᠴᠠᠭᠠᠬᠤ ᠬᠡᠷᠡᠭᠲᠡᠢ᠃ ᠭᠤᠷᠪᠠ ᠳᠤ | ᠰᠢᠯᠢ ᠶᠢᠨ ᠭᠤᠣᠯ ᠠᠶᠢᠮᠠᠭ ᠤᠨ ᠬᠡᠪᠴᠢᠶᠡᠨ ᠳᠤ ᠬᠦᠳᠡᠯᠮᠥᠷᠢ ᠦᠢᠯᠡᠴᠢᠯᠡᠭᠡ ᠶᠢᠨ ᠲᠣᠮᠢᠯᠠᠯᠲᠠ ᠶᠢᠨ ᠨᠢᠭᠡᠴᠢ ᠨᠢ | ᠬᠠᠤᠯᠢ ᠶᠣᠰᠣᠭᠠᠷ ᠠᠵᠢᠯᠴᠢᠨ ᠬᠡᠷᠡᠭᠯᠡᠭᠰᠡᠨ ᠪᠠᠶᠢᠳᠠᠯ ᠢ ᠰᠢᠭᠰᠢᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠡᠢ᠃ ᠲᠤᠰ ᠠᠵᠢᠯᠯᠠᠭ᠎ᠠ ᠨᠢ ︽ᠬᠦᠳᠡᠯᠮᠥᠷᠢ ᠦᠢᠯᠡᠴᠢᠯᠡᠭᠡ ᠶᠢᠨ ᠲᠣᠮᠢᠯᠠᠯᠲᠠ ᠶᠢᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠣᠯᠤᠭᠰᠠᠨ ᠬᠦᠳᠡᠯᠮᠥᠷᠢ ᠦᠢᠯᠡᠴᠢᠯᠡᠭᠡ ᠶᠢᠨ ᠲᠣᠮᠢᠯᠠᠯᠲᠠ ᠶᠢᠨ | ᠨᠢᠭᠡᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ᠂ ᠲᠣᠮᠢᠯᠠᠭᠳᠠᠭᠰᠠᠨ ᠬᠥᠳᠡᠯᠮᠦᠷᠢᠴᠢᠨ ᠨᠢ ᠡᠭᠦᠷᠭᠡ ᠪᠠᠨ | ᠭᠦᠶᠴᠡᠳᠬᠡᠭᠰᠡᠨ ᠪᠠᠶᠢᠳᠠᠯ ᠵᠡᠷᠭᠡ ᠲᠠᠯ᠎ᠠ ᠪᠠᠷ ᠪᠠᠶᠢᠴᠠᠭᠠᠯᠲᠠ ᠬᠢᠵᠡᠢ᠃ ᠳᠥᠷᠪᠡ ᠳᠤ ᠪᠦᠲᠦᠭᠡᠨ ᠪᠠᠶᠢᠭᠤᠯᠵᠤ ᠪᠠᠶᠢᠭ᠎ᠠ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠨᠢ ᠰᠠᠷ᠎ᠠ ᠪᠦᠷᠢ ᠶᠢᠨ ᠴᠠᠯᠢᠩ ᠢ ᠪᠠᠩᠬᠢ ᠪᠠᠷ | ᠭᠦᠶᠴᠡᠳ ᠲᠤᠭ᠎ᠠ ᠪᠠᠷ ᠣᠷᠣᠯᠠᠨ ᠣᠯᠭᠤᠬᠤ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠪᠠ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠥᠮᠦᠨ | ᠬᠡᠷᠡᠭᠯᠡᠬᠦ ᠨᠢᠭᠡᠴᠢ ᠬᠢᠭᠡᠳ ᠲᠠᠷᠢᠶᠠᠴᠢᠨ ᠮᠠᠯᠴᠢᠨ ᠬᠦᠴᠦ ᠶᠠᠪᠤᠭᠴᠢᠳ ᠤᠨ ᠬᠥᠳᠡᠯᠮᠦᠷᠢ ᠶᠢᠨ ᠭᠡᠷ᠎ᠡ ᠲᠣᠭᠲᠠᠭᠰᠠᠨ | ᠪᠠᠶᠢᠳᠠᠯ᠂ ᠴᠠᠯᠢᠩ ᠥᠷᠢᠲᠦᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠭᠰᠡᠨ ᠪᠠᠶᠢᠳᠠᠯ ᠪᠣᠯᠤᠨ ᠬᠥᠳᠡᠯᠮᠦᠷᠢ ᠶᠢᠨ | ᠬᠥᠯᠥᠰᠥ ᠣᠯᠭᠤᠮᠵᠢ ᠣᠯᠭᠤᠬᠤ ᠶᠢ ᠲᠡᠪᠴᠢᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ | ᠥᠭᠭᠦᠭᠰᠡᠨ ᠪᠠᠶᠢᠳᠠᠯ᠂ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠢᠲᠡᠭᠡᠮᠵᠢ ᠶᠢᠨ | ᠵᠠᠯᠬᠠᠭᠠᠨ ᠴᠡᠭᠡᠷᠯᠡᠭᠦᠯᠦᠯᠲᠡ ᠶᠢ ᠬᠡᠷᠡᠭᠵᠢᠭᠦᠯᠦᠭᠰᠡᠨ ᠪᠠᠶᠢᠳᠠᠯ ᠵᠡᠷᠭᠡ ᠲᠠᠯ᠎ᠠ ᠪᠠᠷ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠣᠯᠭᠤᠵᠣ ᠪᠠᠶᠢᠭ᠎ᠠ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠵᠡᠢ᠃ |