ᠤᠯᠠᠭᠠᠨᠬᠠᠳᠠ ᠬᠤᠲᠠ ᠶᠢᠨ ᠭᠠᠶᠢᠯᠢ ᠶᠢᠨ ᠲᠣᠪᠴᠢᠶ᠎ᠠ ︽ᠲᠣᠤᠷᠵᠢᠭᠤᠯᠤᠭᠰᠠᠨ︾ ᠦᠶᠯᠡᠴᠢᠯᠡᠭᠡᠨ ᠤ ᠪᠠᠶᠢᠷᠢᠰᠢᠯ ᠤᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2019/7/26
     ᠤᠯᠠᠭᠠᠨᠬᠠᠳᠠ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠯᠠᠭᠠᠨᠬᠠᠳᠠ ᠶᠢᠨ ᠭᠤᠤᠯ ᠬᠤᠲᠠ ᠲᠣᠭᠤᠷᠢᠭ ᠤᠨ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠠᠯᠠᠪᠤᠷ ᠭᠠᠵᠠᠷ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ ᠨᠢᠭᠡᠳᠦᠯᠲᠡᠶ ᠲᠥᠯᠥᠪᠯᠡᠨ᠂ ᠤᠯᠠᠭᠠᠨᠬᠠᠳᠠ ᠶᠢᠨ ᠭᠤᠤᠯ ᠬᠤᠲᠠ ᠲᠣᠭᠤᠷᠢᠭ ᠲᠤ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠢᠩᠬᠢᠮ 5᠂ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠠᠰᠤᠭ 3᠂ ᠭᠠᠶᠢᠯᠢ ᠭᠦᠶᠴᠡᠳᠬᠡᠬᠦ ᠰᠤᠨᠤᠯᠲᠠ ᠴᠡᠭ 4 ᠵᠢᠴᠢ ᠥᠪᠡᠷᠰᠦᠪᠡᠨ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠢᠩᠬᠢᠮ 2᠎ ᠢ ᠪᠠᠶᠢᠭᠤᠯᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠲᠣᠪᠴᠢᠶ᠎ᠠ ᠨᠢ ᠲᠣᠰ ᠲᠣᠰ ᠪᠦᠷᠢᠨ ᠡᠭᠦᠷᠭᠡ ᠴᠢᠳᠠᠪᠤᠷᠢᠲᠤ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠢᠩᠬᠢᠮ 1᠎ ᠶᠢ ᠪᠠᠶᠢᠭᠤᠯᠬᠤ ᠶᠢᠨ ᠬᠠᠮᠲᠤ ᠪᠦᠬᠦᠨ ᠢ ᠲᠤᠬᠠᠶ ᠶᠢᠨ ᠭᠠᠵᠠᠷ ᠎ ᠤᠨ ᠵᠠᠰᠠᠭ ᠤᠨ ᠶᠠᠪᠤᠳᠠᠯ ᠤᠨ ᠲᠥᠪ ᠲᠤ ᠭᠠᠶᠢᠯᠢ ᠭᠦᠶᠴᠡᠳᠬᠡᠬᠦ ᠴᠣᠩᠬᠤ ᠭᠠᠷᠭᠠᠬᠤ ᠶᠢ ᠱᠠᠭᠠᠷᠳᠠᠪᠠ᠃ ᠣᠳᠣᠬᠠᠨ ᠎ ᠳᠤ᠂ ᠤᠯᠠᠭᠠᠨᠬᠠᠳᠠ ᠬᠤᠲᠠ ᠳᠤ ᠨᠡᠶᠢᠲᠡ ᠭᠠᠶᠢᠯᠢ ᠲᠤᠰᠢᠶᠠᠬᠤ ᠦᠶᠯᠡᠴᠢᠯᠡᠭᠡᠨ ᠤ ᠲᠢᠩᠬᠢᠮ 15᠂ ᠭᠠᠶᠢᠯᠢ ᠲᠤᠰᠢᠶᠠᠬᠤ ᠦᠶᠯᠡᠴᠢᠯᠡᠭᠡᠨ ᠤ ᠭᠡᠷ 44 ᠪᠠᠶᠢᠵᠤ᠂ 6 ᠭᠠᠶᠢᠯᠢ ᠲᠤᠰᠢᠶᠠᠬᠤ ᠴᠡᠭ ᠢ ᠤᠷᠲᠤᠳᠬᠠᠭᠰᠠᠨ ᠪᠠᠶᠢᠨ᠎ᠠ᠃ ᠤᠯᠠᠭᠠᠨᠬᠠᠳᠠ ᠬᠤᠲᠠ ᠰᠢᠦᠳᠠᠨ ᠳᠤ ᠨᠠᠶᠢᠳᠠᠵᠤ ᠣᠷᠣᠯᠠᠨ ᠪᠠᠷᠢᠮᠲᠠ ᠬᠢᠵᠦ ᠥᠭᠬᠦ ᠰᠤᠨᠤᠯᠲᠠ ᠴᠡᠭ 68᠎ ᠶᠢ ᠪᠠᠶᠢᠭᠤᠯᠪᠠ᠃ ᠪᠠᠶᠢᠭᠠᠯᠢ ᠬᠥᠮᠦᠨ ᠤ ᠰᠦᠶᠳᠬᠡᠯ ᠲᠤᠰᠢᠶᠠᠬᠤ ᠠᠷᠭ᠎ᠠ ᠵᠠᠮ ᠢ ᠥᠷᠭᠡᠳᠬᠡᠵᠦ᠂ ᠬᠤᠳᠠᠯᠳᠤᠭᠠᠨ ᠤ ᠪᠠᠩᠬᠢ᠂ ᠰᠢᠦᠳᠠᠨ ᠤ ᠰᠠᠯᠠᠭ᠎ᠠ ᠮᠥᠴᠢᠷ᠂ ᠨᠡᠶᠢᠭᠡᠮ ᠲᠣᠭᠤᠷᠢᠭ ᠯᠤᠭ᠎ᠠ ᠬᠠᠮᠲᠤᠷᠠᠯᠴᠠᠵᠤ᠂ ᠡᠭᠦᠯᠡᠨ P O S ᠮᠠᠰᠢᠨ ᠲᠠᠯᠪᠢᠬᠤ᠂ ᠨᠠᠶᠢᠳᠠᠨ ᠣᠷᠣᠯᠠᠨ ᠲᠠᠲᠠᠪᠤᠷᠢᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠭᠠᠯᠢ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮᠴᠢᠯᠡᠭᠰᠡᠨ ᠲᠣᠤᠷ ᠴᠡᠭ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠢ ᠭᠦᠢᠴᠡᠳᠬᠡᠯᠭᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号