ᠦᠢᠷ᠎ᠠ ᠳᠤ᠂ ᠬᠦᠬᠡᠬᠤᠳᠠ ᠶᠢᠨ ᠠᠵᠣ ᠠᠬᠤᠢ ᠮᠡᠷᠭᠡᠵᠢᠯ ᠤᠨ ᠨᠡᠭᠡᠭᠡᠯᠳᠡ ᠶᠢᠨ ᠣᠷᠣᠨ ᠲᠠᠷᠢᠬᠦᠨ ᠪᠦᠯᠦᠭ | ᠵᠠᠰᠠᠭ ᠤᠨ ᠡᠷᠬᠡ ᠶᠢᠨ ᠵᠦᠢᠯᠡᠰ ᠢ ᠵᠢᠩᠬᠢᠨᠢ ᠪᠠᠷ ᠬᠤᠪᠢᠶᠠᠷᠢᠯᠠᠨ ᠰᠢᠯᠵᠢᠬᠦᠯᠪᠡ᠃ ᠲᠣᠰ ᠣᠳᠠᠭᠠᠨ ᠤ ᠬᠤᠪᠢᠶᠠᠷᠯᠠᠨ | ᠰᠢᠯᠵᠢᠬᠦᠯᠬᠦ ᠠᠵᠢᠯ ᠨᠢ ᠨᠡᠭᠡᠭᠡᠯᠳᠡ ᠶᠢᠨ ᠣᠷᠣᠨ ᠤ 5 ᠰᠠᠯᠠᠭ᠎ᠠ ᠮᠦᠴᠢᠷ ᠲᠤ ᠬᠤᠯᠪᠣᠭᠳᠠᠭᠰᠠᠨ 16 ᠵᠦᠢᠯ ᠤᠨ | ᠵᠠᠰᠠᠭ ᠤᠨ ᠡᠷᠬᠡ ᠶᠢᠨ ᠵᠦᠢᠯᠡᠰ ᠢ ᠨᠡᠭᠡᠭᠡᠯᠳᠡ ᠶᠢᠨ ᠣᠷᠣᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠲᠣᠪᠴᠢᠶ᠎ᠠ ᠳᠤ ᠰᠢᠯᠵᠢᠭᠦᠯᠪᠡ᠃ ᠡᠨᠡ ᠨᠢ ᠨᠡᠭᠡᠭᠡᠯᠳᠡ ᠶᠢᠨ ᠣᠷᠣᠨ ᠤ ︽ᠠᠯᠪᠠᠨ ᠲᠠᠮᠠᠭ᠎ᠠ ᠪᠠᠷ ᠬᠢᠨᠠᠨ | ᠵᠦᠪᠰᠢᠶᠡᠷᠡᠬᠦ ᠶᠢ ᠬᠠᠮᠢᠶᠠᠷᠬᠤ︾ ᠶᠠᠪᠣᠳᠠᠯ ᠴᠣ ᠰᠢᠨ᠎ᠡ ᠡᠬᠢᠯᠡᠯᠳᠡ ᠲᠠᠢ ᠪᠣᠯᠣᠭᠰᠠᠨ ᠢ ᠬᠠᠷᠠᠭᠤᠯᠵᠣ ᠪᠠᠶᠢᠨ᠎ᠠ᠃ | ᠡᠨᠡ ᠬᠤᠭᠤᠴᠠᠭᠠᠨ ᠳᠤ᠂ ᠬᠦᠬᠡᠬᠤᠳᠠ ᠶᠢᠨ ᠠᠵᠣ ᠠᠬᠤᠢ ᠮᠡᠷᠭᠡᠵᠢᠯ ᠤᠨ ᠨᠡᠭᠡᠭᠡᠯᠳᠡ ᠶᠢᠨ ᠣᠷᠣᠨ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠬᠡᠷᠡᠴᠢᠯᠡᠯᠳᠡ ᠵᠢᠴᠢ ᠵᠠᠰᠠᠭ ᠵᠠᠬᠢᠷᠭᠠᠨ ᠤᠨ ᠡᠷᠬᠡ ᠶᠢᠨ ᠬᠡᠷᠡᠭ | ᠶᠠᠪᠣᠳᠠᠯ ᠢ ᠬᠤᠪᠢᠶᠠᠷᠢᠯᠠᠨ ᠰᠢᠯᠵᠢᠬᠦᠯᠬᠦ ᠠᠵᠢᠯ ᠤᠨ ᠬᠤᠷᠠᠯ ᠬᠤᠷᠠᠯᠳᠣᠭᠤᠯᠵᠣ᠂ ᠨᠡᠬᠡᠬᠡᠯᠳᠡ ᠶᠢᠨ ᠣᠷᠣᠨ ᠤ | ᠬᠠᠮᠢᠶᠠᠷᠣᠯᠳᠠ ᠶᠢᠨ ᠵᠦᠪᠯᠡᠯ ᠪᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠬᠡᠨ ᠤ ᠲᠣᠪᠴᠢᠶ᠎ᠠ ᠨᠢ ᠡᠷᠬᠡ | ᠶᠢᠨ ᠬᠡᠷᠡᠭ ᠶᠠᠪᠣᠳᠠᠯ ᠢ ᠬᠤᠪᠢᠶᠠᠷᠢᠯᠠᠨ ᠰᠢᠯᠵᠢᠬᠦᠯᠬᠦ ᠲᠠᠢ ᠬᠤᠯᠪᠣᠭᠳᠠᠬᠤ ᠡᠳ᠋ ᠤᠨ ᠵᠠᠰᠠᠭ ᠤᠨ ᠲᠣᠪᠴᠢᠶ᠎ᠠ᠂ ᠠᠵᠣ | ᠠᠬᠤᠢ ᠬᠦᠭᠵᠢᠬᠦᠯᠦᠯᠳᠡ ᠶᠢᠨ ᠲᠣᠪᠴᠢᠶ᠎ᠠ ᠵᠡᠷᠬᠡ ᠰᠠᠯᠠᠭ᠎ᠠ ᠮᠦᠴᠢᠷ ᠤᠳ ᠲᠠᠢ ᠲᠣᠰ ᠲᠣᠰ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠬᠤᠪᠢᠶᠠᠷᠢᠯᠠᠨ ᠰᠢᠯᠵᠢᠬᠦᠯᠬᠦ ᠰᠠᠨᠠᠮᠵᠢ ᠶᠢᠨ ᠪᠢᠴᠢᠭ ᠲᠤᠭᠲᠠᠪᠠ᠃ ᠨᠡᠬᠡᠬᠡᠯᠳᠡ ᠶᠢᠨ ᠣᠷᠣᠨ ᠤ | ᠬᠠᠮᠢᠶᠠᠷᠣᠯᠳᠠ ᠶᠢᠨ ᠵᠦᠪᠯᠡᠯ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠬᠡᠷᠡᠴᠢᠯᠡᠯᠳᠡ ᠶᠢᠨ ᠠᠵᠢᠯ ᠳᠤ ᠭᠤᠷᠪᠠᠨ | ᠲᠠᠯ᠎ᠠ ᠶᠢᠨ ᠱᠠᠭᠠᠷᠳᠠᠯᠭ᠎ᠠ ᠲᠣᠷᠠᠳᠪᠠ᠄ ᠨᠢᠭᠡ ᠳᠤ᠂ ᠶᠡᠭᠡ ᠲᠠᠯ᠎ᠠ ᠶᠢᠨ ᠣᠬᠠᠮᠰᠠᠷ ᠢ ᠳᠡᠭᠡᠭᠰᠢᠯᠡᠭᠦᠯᠵᠦ᠂ ᠲᠠᠨᠢᠯᠲᠠ | ᠬᠦᠢᠴᠡᠳ ᠪᠠᠶᠢᠬᠤ ᠬᠡᠷᠡᠭᠳᠡᠢ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠬᠡᠷᠡᠴᠢᠯᠡᠯᠳᠡ ᠶᠢ | ᠦᠷᠨᠢᠬᠦᠯᠬᠦ ᠶᠢᠨ ᠴᠢᠬᠤᠯᠠ ᠴᠢᠨᠠᠷ᠂ ᠱᠠᠭᠠᠷᠳᠠᠯᠭᠠᠳᠣ ᠴᠢᠨᠠᠷ᠂ ᠲᠣᠯᠭᠠᠮ ᠴᠢᠨᠠᠷ ᠢ ᠬᠦᠢᠴᠡᠳ ᠲᠠᠨᠢᠵᠤ᠂ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠢ ᠬᠤᠪᠢᠶᠠᠷᠢᠯᠠᠨ ᠰᠢᠯᠵᠢᠬᠦᠯᠬᠦ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠳᠣᠷ | ᠬᠢᠵᠤ᠂ ᠡᠨᠡ ᠬᠦ ᠴᠢᠬᠤᠯᠠ ᠶᠡᠭᠡ ᠦᠬᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠪᠣᠳᠠᠳᠠᠢ ᠨᠠᠶᠢᠳᠠᠪᠣᠷᠢᠵᠢᠭᠤᠯᠬᠤ | ᠬᠡᠷᠡᠭᠳᠡᠢ᠃ ᠬᠤᠶᠠᠷ ᠲᠤ᠂ ᠬᠠᠷᠢᠭᠤᠴᠠᠯᠭ᠎ᠠ ᠡᠬᠦᠷᠭᠡᠯᠡᠯ ᠢ ᠴᠢᠩᠭᠠᠳᠬᠠᠵᠣ᠂ ᠦᠬᠡᠷᠡᠴᠢᠯᠡᠯᠳᠡ ᠶᠢ | ᠪᠣᠳᠠᠳᠠᠶᠢᠵᠢᠭᠤᠯᠣᠨ᠎ᠠ᠃ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠦᠨᠡᠨ ᠬᠦ ᠬᠤᠪᠢᠶᠠᠷᠢᠯᠠᠨ ᠰᠢᠯᠵᠢᠬᠦᠯᠵᠤ᠂ | ᠠᠵᠢᠯᠳᠠᠨ ᠪᠠ ᠦᠢᠯᠡᠳᠣᠯ ᠴᠢᠳᠠᠪᠬᠢ ᠡᠷᠬᠡ ᠲᠣᠰᠢᠶᠠᠯ ᠢ ᠰᠢᠯᠵᠢᠬᠦᠯᠦᠨ ᠦᠭᠬᠦ ᠠᠵᠢᠯ ᠢ ᠬᠦᠢᠴᠡᠳ ᠬᠢᠵᠤ᠂ | ᠰᠢᠯᠵᠢᠬᠦᠯᠦᠨ ᠲᠣᠰᠢᠶᠠᠬᠤ ᠠᠵᠢᠯ ᠤᠨ ᠠᠩᠬᠠᠨ ᠤ ᠬᠤᠭᠤᠴᠠᠭᠠᠨ ᠳᠤ ᠡᠬᠦᠰᠴᠣ ᠮᠡᠳᠡᠬᠦ ᠠᠰᠠᠭᠤᠳᠠᠯ ᠢ ᠴᠠᠭ | ᠲᠣᠬᠠᠢ ᠳᠤ ᠨᠢ ᠵᠣᠬᠢᠴᠠᠭᠤᠯᠣᠨ ᠰᠢᠢᠳᠪᠣᠷᠢᠯᠡᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ | ᠦᠬᠡᠷᠡᠴᠢᠯᠡᠯᠳᠡ ᠶᠢᠨ ᠡᠯ᠎ᠠ ᠵᠦᠢᠯ ᠤᠨ ᠠᠵᠢᠯ ᠢ ᠬᠠᠮᠳᠣ ᠪᠠᠷ ᠲᠦᠯᠬᠢᠨ ᠠᠬᠢᠭᠤᠯᠬᠤ ᠬᠡᠷᠡᠭᠳᠡᠢ᠃ ᠭᠤᠷᠪᠠ ᠳᠤ᠂ | ᠬᠠᠮᠵᠢᠯᠴᠠᠨ ᠬᠤᠯᠪᠣᠭᠠᠯᠠᠨ ᠬᠦᠳᠡᠯᠤᠯᠴᠠᠬᠦ ᠶᠢ ᠠᠩᠬᠠᠷᠴᠣ᠂ ᠬᠠᠮᠢᠶᠠᠷᠣᠯᠳᠠ ᠶᠢ ᠪᠣᠳᠠᠳᠠᠶᠢᠵᠢᠭᠤᠯᠬᠤ ᠶᠢ ᠪᠡᠶᠡᠯᠡᠬᠦᠯᠬᠦ | ᠬᠡᠷᠡᠭᠳᠡᠢ᠃ ᠬᠢᠨᠡᠨ ᠵᠦᠪᠰᠢᠶᠡᠷᠡᠬᠦ ᠪᠠ ᠬᠢᠨᠠᠨ ᠬᠠᠮᠢᠶᠠᠷᠬᠤ ᠶᠢ ᠰᠠᠯᠭᠠᠬᠤ ᠶᠢᠨ ᠳᠠᠭᠠᠣ᠂ ᠡᠬᠦᠷᠬᠡ ᠬᠠᠷᠢᠭᠤᠴᠠᠯᠭ᠎ᠠ ᠶᠢ | ᠲᠣᠳᠣᠷᠬᠠᠶᠢᠯᠠᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠪᠠ ᠠᠵᠢᠯ ᠲᠦᠷᠣᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠤᠳ ᠬᠠᠷᠢᠯᠴᠠᠨ ᠵᠣᠯᠭᠠᠯᠳᠣᠭᠰᠠᠨ ᠬᠢᠨᠠᠨ ᠵᠦᠪᠰᠢᠶᠡᠷᠡᠬᠦ ᠪᠠ ᠬᠢᠨᠡᠨ ᠬᠠᠮᠢᠶᠠᠷᠬᠤ ᠲᠣᠭᠲᠠᠯᠴᠠᠭ᠎ᠠ | ᠪᠠᠶᠢᠭᠤᠯᠵᠣ᠂ ᠬᠢᠨᠡᠨ ᠵᠦᠪᠰᠢᠶᠡᠷᠡᠬᠦ ᠪᠠ ᠬᠢᠨᠠᠨ ᠬᠠᠮᠢᠶᠠᠷᠬᠤ ᠠᠵᠢᠯ ᠬᠠᠷᠢᠯᠴᠠᠨ ᠨᠢᠭᠲᠠ ᠬᠤᠯᠪᠣᠯᠳᠣᠨ᠂ | ᠬᠠᠮᠵᠢᠯᠴᠠᠨ ᠬᠦᠳᠡᠯᠤᠯᠴᠡᠵᠤ᠂ ᠡᠬᠦᠷᠭᠡ ᠬᠠᠷᠢᠭᠤᠴᠠᠯᠭ᠎ᠠ ᠪᠠᠨ ᠬᠠᠮᠳᠣ ᠪᠠᠷ ᠡᠬᠦᠷᠬᠡᠯᠡᠬᠦ ᠶᠢ ᠬᠦᠢᠴᠡᠳᠬᠡᠬᠦ | ᠬᠡᠷᠡᠭᠳᠡᠢ᠃ | ᠳᠠᠷᠠᠭᠠᠴᠢ ᠶᠢᠨ ᠠᠯᠬᠤᠮ ᠳᠤ᠂ ᠨᠡᠭᠡᠭᠡᠯᠳᠡ ᠶᠢᠨ ᠣᠷᠣᠨ ᠤ ᠵᠠᠰᠠᠭ ᠵᠠᠬᠢᠷᠭᠠᠨ ᠤ ᠦᠢᠯᠡᠴᠢᠯᠡᠬᠡᠨ ᠤ | ᠲᠣᠪᠴᠢᠶ᠎ᠠ ᠨᠢ ᠣᠯᠣᠰ ᠠᠴᠠ ᠨᠡᠭᠡᠭᠡᠯᠳᠡ ᠶᠢᠨ ᠣᠷᠣᠨ ᠳᠤ ᠣᠯᠭᠤᠭᠰᠠᠨ ᠲᠦᠷᠣ ᠶᠢᠨ ᠪᠣᠳᠣᠯᠭ᠎ᠠ ᠶᠢᠨ | ᠳᠡᠮᠵᠢᠯᠬᠡ ᠶᠢ ᠬᠦᠢᠴᠡᠳ ᠠᠰᠢᠭᠯᠠᠵᠤ᠂ ᠬᠢᠨᠡᠨ ᠵᠦᠪᠰᠢᠶᠡᠷᠡᠬᠦ ᠬᠡᠯᠪᠡᠷᠢ ᠪᠠᠨ ᠰᠢᠨᠡᠴᠢᠯᠡᠵᠣ᠂ ᠬᠢᠨᠡᠨ ᠵᠦᠪᠰᠢᠶᠡᠷᠡᠬᠦ | ᠠᠯᠬᠤᠮ ᠢᠶᠠᠨ ᠲᠦᠭᠦᠮᠴᠢᠯᠡᠵᠣ᠂ ᠠᠷᠠᠯᠵᠢᠶ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠬᠦᠯᠦᠨ᠂ ᠨᠡᠭᠡᠭᠡᠯᠳᠡ ᠶᠢᠨ | ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠠᠵᠢᠯ ᠢ ᠰᠢᠨ᠎ᠡ ᠳᠡᠭᠳᠡᠷ ᠲᠤ ᠭᠠᠷᠭᠠᠬᠤ | ᠪᠠᠷ ᠴᠢᠷᠮᠠᠶᠢᠨ᠎ᠠ᠃ |