ᠪᠤᠭᠤᠲᠤ ᠬᠤᠲᠠ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ | ᠬᠡᠷᠡᠭᠵᠢᠭᠦᠯᠦᠭᠰᠡᠨ ᠠᠴᠠ ᠨᠠᠰᠢ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠦᠪᠰᠢᠶᠡᠷᠡᠨ ᠣᠷᠤᠭᠤᠯᠬᠤ ᠣᠷᠴᠢᠨ | ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠠᠭᠤᠭ᠎ᠠ ᠭᠠᠵᠠᠷ ︵ᠡᠵᠡᠩᠨᠡᠬᠦ︶ ᠤᠨ ᠳᠠᠩᠰᠠᠯᠠᠬᠤ | ᠨᠥᠬᠦᠴᠡᠯ ᠢ ᠠᠭᠤᠵᠢᠭᠤ ᠪᠣᠯᠭᠠᠪᠠ︔ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠥᠭᠡᠷᠡᠴᠢᠯᠡᠯᠲᠡ ᠶᠢ | ᠬᠡᠷᠡᠭᠵᠢᠭᠦᠯᠪᠡ︔ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠪᠡ︔ | ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠥᠬᠦ ᠶᠠᠪᠤᠴᠠ ᠳᠤ ᠡᠯᠧᠺᠲᠷᠤᠨᠴᠢᠯᠠᠬᠤ ᠶᠢ ᠠᠬᠢᠭᠤᠯᠪᠡ︔ | ᠦᠶᠯᠡᠳᠪᠦᠷᠢ ᠬᠤᠳᠠᠯᠳᠤᠭᠠᠨ ᠤ ᠳᠠᠩᠰᠠᠯᠠᠭᠤᠯᠬᠤ ᠳᠥᠭᠦᠮᠴᠢᠯᠡᠯᠲᠡ ᠶᠢ ᠪᠦᠲᠦᠮᠵᠢᠲᠡᠶ ᠳᠡᠭᠡᠭᠰᠢᠯᠡᠭᠦᠯᠪᠡ︔ | ᠳᠠᠩᠰᠠᠯᠠᠨ ᠲᠡᠮᠳᠡᠭᠯᠡᠭᠦᠯᠦᠭᠰᠡᠨ ᠢᠶᠠᠨ ᠳᠦᠭᠦᠮ ᠠᠪᠰᠠᠷᠬᠠᠨ ᠢᠶᠠᠷ ᠬᠦᠴᠦᠨ ᠦᠭᠡᠢ ᠪᠣᠯᠭᠠᠬᠤ ᠳᠦᠷᠢᠮ ᠤᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠤᠷᠢᠨ ᠭᠠᠷᠬᠤ ᠳᠤ ᠨᠠᠩ | ᠳᠥᠭᠦᠮ ᠪᠣᠯᠭᠠᠪᠠ︔ ᠵᠠᠰᠠᠭ ᠪᠠ ᠪᠠᠩᠬᠢ ᠬᠠᠮᠲᠤᠷᠠᠨ ᠠᠵᠢᠯᠯᠠᠬᠤ ᠠᠵᠢᠯ ᠢ ᠢᠳᠡᠪᠬᠢᠲᠡᠢ ᠥᠷᠨᠢᠭᠦᠯᠵᠦ᠂ ︽ᠵᠠᠰᠠᠭ | ᠪᠠ ᠪᠠᠩᠬᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠨ ᠠᠵᠢᠯᠯᠠᠬᠤ ᠵᠥᠪᠯᠡᠯᠴᠡᠭᠡᠷ︾ ᠪᠣᠯᠣᠨ ᠲᠤᠰ ᠠᠵᠢᠯ ᠢ | ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ ᠢ ᠲᠣᠭᠲᠠᠭᠠᠪᠡ︔ ᠠᠵᠤ ᠠᠬᠤᠶᠢᠯᠠᠯ ᠤᠨ ᠪᠡᠶ᠎ᠡ ᠶᠢᠨ ᠬᠢᠷᠢ ᠬᠡᠮ ᠢ | ᠰᠢᠯᠭᠠᠨ ᠪᠠᠲᠤᠯᠠᠬᠤ ᠰᠢᠰᠲ᠋ᠧᠮ ᠢ ᠬᠡᠷᠡᠭᠯᠡᠪᠡ᠃ ᠡᠭᠦᠨ ᠤ ᠬᠠᠮᠲᠤ᠂ ᠠᠵᠤ ᠠᠬᠤᠶᠢᠯᠠᠯ ᠡᠷᠬᠢᠯᠡᠬᠦ ᠴᠠᠭ ᠢ | ᠪᠣᠭᠤᠨᠢᠰᠬᠠᠵᠤ᠂ ᠮᠠᠨ ᠤ ᠬᠤᠲᠠ ᠶᠢᠨ ᠠᠵᠤ ᠠᠬᠤᠶᠢᠯᠠᠯ ᠤᠨ ᠳᠡᠮᠳᠡᠭᠯᠡᠭᠦᠯᠦᠨ ᠳᠠᠩᠰᠠᠯᠠᠭᠤᠯᠬᠤ ᠴᠠᠭ ᠢ | ᠳᠤᠮᠳᠠᠴᠢ ᠪᠠᠷ 3 ᠡᠳᠦᠷ ᠤᠨ ᠳᠣᠲᠣᠷ᠎ᠠ ᠭᠦᠢᠴᠡᠳᠭᠡᠬᠦ ᠪᠠᠷ ᠪᠣᠭᠤᠨᠢᠰᠬᠠᠪᠠ︔ ᠣᠯᠠᠨ ᠲᠦᠮᠡᠨ ᠤ ᠠᠵᠢᠯ ᠶᠠᠪᠤᠳᠠᠯ | ᠭᠦᠶᠴᠡᠳᠬᠡᠬᠦ ᠲᠦᠪᠡᠭᠲᠡᠢ ᠵᠦᠢᠯ ᠢ ᠢᠳᠡᠪᠬᠢᠲᠡᠢ ᠰᠢᠶᠳᠪᠦᠷᠢᠯᠡᠵᠦ᠂ ᠬᠡᠰᠡᠭ ᠳᠠᠩᠰᠠᠯᠠᠬᠤ ᠳᠡᠰ ᠳᠠᠷᠠᠭᠠᠯᠠᠯ ᠵᠢᠴᠢ | ᠮᠠᠲ᠋ᠧᠷᠢᠶᠠᠯ ᠢ ᠳᠥᠭᠦᠮᠴᠢᠯᠡᠨ᠂ ᠠᠵᠤ ᠠᠬᠤᠶᠢᠯᠠᠯ ᠳᠤ ᠵᠠᠷᠤᠳᠠᠯ ᠬᠤᠷᠢᠶᠠᠬᠤ ᠦᠭᠡᠢ ᠪᠠᠷ ᠬᠠᠭᠤᠯᠪᠤᠷᠢᠯᠠᠵᠣ | ᠳᠠᠷᠤᠮᠠᠯᠯᠠᠵᠤ ᠥᠭᠬᠦ ᠵᠡᠷᠭᠡ ᠦᠶᠯᠡᠴᠢᠯᠡᠭᠡ ᠬᠠᠩᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠨᠠᠩ | ᠳᠥᠭᠦᠮ ᠪᠣᠯᠭᠠᠪᠡ᠃ | ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ | ᠨᠠᠰᠢ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ 2014 ᠣᠨ ᠳᠤ | 14.2 ᠲᠦᠮᠡᠨ ᠡᠷᠦᠬᠡ ᠪᠠᠶᠢᠭᠰᠠᠨ ᠠᠴᠠ ᠣᠳᠣ 21 ᠲᠦᠮᠡ ᠭᠠᠷᠤᠢ ᠡᠷᠦᠬᠡ ᠪᠣᠯᠣᠨ ᠨᠡᠮᠡᠭᠳᠡᠵᠦ᠂ ᠵᠠᠬ᠎ᠠ | ᠳᠡᠯᠭᠡᠭᠦᠷ ᠤᠨ ᠡᠯ᠎ᠡ ᠲᠥᠷᠥᠯ ᠤᠨ ᠭᠤᠤᠯ ᠴᠣᠭᠴᠠ 6.8 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ 48% ᠳᠤ | ᠬᠦᠷᠪᠡ᠂ ᠠᠵᠤ ᠠᠬᠤᠶᠢᠯᠠᠯ᠂ ᠣᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠪᠣᠯᠤᠨ ᠬᠦᠷᠲᠡᠮᠵᠢ ᠶᠢᠨ ᠲᠥᠷᠥᠭᠳᠡᠯ | ᠶᠡᠬᠡᠪᠡᠷ ᠳᠡᠭᠡᠭᠰᠢᠯᠡᠪᠡ᠃ |