︽ᠭᠤᠷᠪᠠ ᠶᠢ ᠤᠷᠢᠳᠠᠪᠠᠷ ᠬᠢᠬᠦ︾ ᠠᠵᠢᠯ ᠢᠶᠠᠷ ᠦᠬᠠᠶ ᠬᠤᠲᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠬᠠᠯᠠᠭᠤᠨ ᠦᠷᠨᠢᠯᠲᠡ ᠭᠠᠷᠭᠠᠵᠤ ᠪᠤᠢ
ᠨᠡᠶᠢᠲᠡᠯᠡᠭᠰᠡᠨ ᠴᠠᠭ᠄
2019/7/5
     ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠬᠤᠶᠠᠳᠣᠭᠠᠷ ᠪᠦᠯᠦᠭ ᠤᠨ  ᠭᠤᠤᠯ ᠰᠡᠳᠦᠪᠲᠦ ᠬᠥᠮᠦᠵᠢᠯ ᠳᠤ ᠣᠷᠣᠯᠴᠠᠬᠤ ᠨᠢᠭᠡᠴᠢ ᠶᠢᠨ ᠤᠷᠢᠳᠴᠢᠯᠠᠨ ᠪᠡᠯᠡᠳᠬᠡᠬᠦ ᠠᠵᠢᠯ ᠢ ᠰᠠᠶᠢᠲᠤᠷ ᠬᠢᠬᠦ ᠱᠠᠭᠠᠷᠳᠠᠯᠭ᠎ᠠ ᠶᠣᠰᠣᠭᠠᠷ᠂ ᠦᠬᠠᠶ ᠬᠤᠲᠠ ︽ᠭᠤᠷᠪᠠ ᠶᠢ ᠤᠷᠢᠳᠠᠪᠠᠷ ᠬᠢᠬᠦ︾᠎ ᠶᠢᠨ ᠲᠣᠭᠤᠷᠢᠨ ᠳᠤ ᠭᠤᠤᠯ ᠰᠡᠳᠦᠪᠲᠦ ᠬᠥᠮᠦᠵᠢᠯ ᠤᠨ ᠪᠡᠯᠡᠳᠬᠡᠯ ᠠᠵᠢᠯ ᠢ ᠠᠬᠢᠭᠤᠯᠵᠤ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠠᠵᠢᠯ ᠶᠢᠨ ᠰᠠᠭᠤᠷᠢ ᠶᠢ ᠤᠯᠠᠮ ᠴᠢᠨᠠᠭᠰᠢᠳᠠ ᠪᠠᠲᠤᠳᠬᠠᠵᠤ ᠪᠠᠶᠢᠨ᠎ᠠ᠃      ᠪᠡᠯᠡᠳᠬᠡᠯ ᠠᠵᠢᠯ ᠢ ᠤᠷᠢᠳᠠᠪᠠᠷ ᠡᠬᠢᠯᠡᠭᠦᠯᠵᠡᠢ᠃ ᠡᠮᠦᠨᠡᠬᠢ ᠬᠤᠭᠤᠴᠠᠭᠠᠨ ᠤ ᠪᠠᠶᠢᠴᠠᠭᠠᠨ ᠣᠶᠢᠯᠠᠭᠠᠬᠤ ᠶᠢ ᠴᠠᠭ ᠲᠤᠬᠠᠶ ᠳᠤ ᠨᠢ ᠥᠷᠨᠢᠭᠦᠯᠵᠦ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠬᠡᠳᠦᠶ ᠬᠤᠶᠠᠳᠤᠭᠠᠷ ᠲᠡᠰ ᠤᠨ ᠨᠢᠭᠡᠴᠢ᠂ ᠬᠡᠳᠦᠶ ᠨᠠᠮ ᠤᠨ ᠵᠣᠬᠢᠶᠠᠨ ᠪᠠᠶᠢᠭᠤᠯᠤᠯᠲᠠ᠂ ᠬᠡᠳᠦᠶ ᠨᠠᠮ ᠤᠨ ᠭᠡᠰᠢᠭᠦᠨ ᠺᠠᠳ᠋ᠷ ᠭᠤᠤᠯ ᠰᠡᠳᠦᠪᠲᠦ ᠬᠥᠮᠦᠵᠢᠯ ᠳᠤ  ᠣᠷᠣᠯᠴᠠᠬᠤ ᠶᠢ ᠲᠣᠲᠣᠷᠬᠠᠶᠢᠯᠠᠵᠤ᠂ ᠰᠠᠭᠤᠷᠢ ᠲᠤᠭ᠎ᠠ ᠶᠢ ᠲᠣᠳᠣᠷᠬᠠᠶ ᠪᠠᠶᠢᠳᠠᠯ ᠢ ᠲᠣᠳᠣᠷᠬᠠᠶ ᠪᠣᠯᠭᠠᠨ᠎ᠠ᠃ ᠬᠥᠮᠥᠰ ᠢ ᠰᠤᠩᠭᠤᠨ ᠲᠠᠲᠠᠬᠤ᠂ ᠤᠳᠤᠷᠢᠳᠬᠤ ᠪᠠᠶᠢᠭᠤᠯᠤᠮᠵᠢ᠂ ᠠᠵᠢᠯ ᠶᠢᠨ ᠪᠠᠶᠢᠭᠤᠯᠤᠮᠵᠢ ᠪᠣᠯᠣᠨ ᠲᠣᠭᠤᠷᠢᠨ ᠵᠢᠯᠣᠭᠤᠳᠬᠤ ᠳᠤᠭᠤᠢᠯᠠᠩ ᠢ ᠵᠣᠬᠢᠶᠠᠨ ᠪᠠᠶᠢᠭᠤᠯᠬᠤ ᠶᠢ ᠤᠷᠢᠳᠠᠪᠡᠷ ᠵᠥᠪᠯᠡᠨ᠂ ᠭᠤᠤᠯ ᠰᠡᠳᠦᠪᠲᠦ ᠬᠥᠮᠦᠵᠢᠯ ᠢ ᠡᠮᠬᠢ ᠴᠡᠭᠴᠡ ᠲᠠᠢ᠂ ᠯᠠᠪᠳᠠᠭᠤᠨ ᠪᠠᠲᠤᠲᠠᠶ ᠡᠮᠬᠢ ᠵᠢᠷᠤᠮ ᠲᠠᠢ ᠡᠬᠢᠯᠡᠭᠦᠯᠬᠦ ᠶᠢ ᠪᠠᠲᠤᠯᠠᠵᠠᠢ᠃ ᠨᠠᠮ ᠵᠠᠰᠠᠭ ᠤᠨ ᠪᠠᠶᠢᠭᠤᠯᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠰᠤᠯᠠ ᠵᠠᠳᠠᠭᠠᠶ ᠪᠠ ᠬᠠᠷᠢᠴᠠᠩᠭᠤᠶ ᠪᠠᠷ ᠬᠤᠴᠣᠷᠤᠩᠭᠤᠶ ᠪᠦᠬᠦᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠨ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠲᠤ ᠲᠠᠯᠪᠢᠵᠤ ᠥᠭᠴᠡᠢ᠃ ᠨᠢᠭᠡᠳᠦᠭᠡᠷ ᠪᠦᠯᠦᠭ ᠭᠤᠤᠯ ᠰᠡᠳᠦᠪᠲᠦ ᠬᠥᠮᠦᠵᠢᠯ ᠳᠤ ᠣᠷᠣᠯᠴᠠᠬᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠰᠤᠷᠤᠯᠴᠠᠨ ᠲᠣᠯᠢᠳᠠᠬᠤ ᠶᠢ ᠠᠩᠬᠠᠷᠴᠤ᠂ ᠠᠵᠢᠯ ᠶᠢᠨ ᠪᠣᠳᠠᠲᠠᠶ ᠲᠠᠢ ᠪᠠᠨ ᠤᠶᠠᠯᠳᠤᠭᠤᠯᠤᠨ ᠤᠯᠠᠮ ᠨᠢᠭᠡ ᠠᠯᠬᠤᠮ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠢ ᠳᠡᠭᠡᠭᠰᠢᠯᠡᠭᠦᠯᠵᠡᠢ᠃      ᠭᠤᠤᠯᠳᠠᠯᠭ᠎ᠠ ᠶᠢ ᠳᠣᠪᠣᠶᠢᠯᠭᠠᠵᠤ ᠤᠷᠢᠳᠠᠪᠠᠷ ᠰᠤᠷᠤᠯᠴᠠᠵᠠᠢ᠃ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ ᠵᠢᠴᠢ ᠲᠥᠪ ᠤᠨ ᠭᠤᠤᠯ ᠰᠡᠳᠦᠪᠲᠦ ᠬᠥᠮᠦᠵᠢᠯ ᠤᠨ ︽ᠰᠠᠨᠠᠯ︾᠎ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠠᠵᠢᠯ  ᠤᠨ ᠬᠤᠷᠠᠯ ᠪᠣᠯᠤᠨ ︽ᠬᠡᠷᠡᠭᠵᠢᠭᠦᠯᠬᠦ ᠲᠥᠰᠦᠯ︾᠎ ᠤᠨ ᠵᠣᠷᠢᠭ ᠰᠠᠨᠠᠭ᠎ᠠ ᠎ ᠶᠢ ᠴᠠᠭ ᠲᠤᠬᠠᠶ ᠳᠤ ᠨᠢ ᠵᠣᠬᠢᠶᠠᠨ ᠪᠠᠶᠢᠭᠤᠯᠤᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠶᠢᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠰᠬᠠᠶ ᠰᠡᠳᠦᠪ ᠎ ᠢᠶᠠᠷ ᠰᠤᠷᠤᠯᠴᠠᠵᠠᠢ᠃ ᠶᠡᠷᠦᠩᠬᠡᠶ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶᠠᠨ ᠤ ᠵᠣᠬᠢᠶᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠶᠢᠷᠠᠭᠤᠯᠤᠨ ᠳᠠᠷᠤᠮᠠᠯᠯᠠᠭᠰᠠᠨ ︽ᠶᠡᠷᠦᠩᠬᠡᠶ ᠱᠦᠵᠢ ᠰᠢ ᠶᠢᠨ ᠫᠢᠩ ᠤᠨ ᠦᠵᠡᠯ ᠰᠠᠨᠠᠭ᠎ᠠ ᠪᠠᠨ ᠴᠢᠯᠥᠭᠡᠯᠡᠬᠦ ᠲᠠᠯ᠎ᠠ ᠪᠠᠷ ᠦᠭᠦᠯᠡᠭᠰᠡᠨ ᠴᠢᠬᠤᠯᠠ ᠥᠭᠦᠯᠡᠯᠲᠡ ᠶᠢᠨ ᠲᠡᠭᠦᠪᠦᠷᠢ︾᠂ ︽ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠭᠦᠯᠡᠭᠰᠡᠨ ᠴᠢᠬᠤᠯᠠ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠭᠠᠷᠴᠠᠭ ᠢ ᠲᠠᠭᠠᠨ ᠰᠤᠷᠤᠯᠴᠠᠵᠤ᠂ ᠦᠵᠡᠯ ᠰᠠᠨᠠᠭᠠᠨ ᠤ ᠰᠠᠭᠤᠷᠢ ᠎ ᠶᠢ ᠪᠠᠲᠤᠳᠬᠠᠵᠠᠢ᠃      ᠠᠰᠠᠭᠤᠳᠠᠯ ᠤᠨ ᠲᠣᠭᠤᠷᠢᠨ ᠳᠤ ᠤᠷᠢᠳᠠᠪᠠᠷ ᠥᠭᠡᠷᠡᠴᠢᠯᠡᠵᠡᠢ᠃ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ᠂ ᠳᠡᠭᠡᠳᠦ ᠱᠠᠲᠤᠨ ᠤ ᠬᠢᠨᠠᠨ ᠵᠢᠯᠣᠭᠤᠳᠴᠤ ᠰᠢᠮᠳᠠᠭᠤᠯᠤᠨ ᠪᠠᠶᠢᠴᠠᠭᠠᠬᠤ ᠪᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠳᠤᠮᠳᠠ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠵᠢᠴᠢ ᠬᠤᠷᠢᠶᠠᠭᠰᠠᠨ ᠰᠠᠨᠠᠯ ᠰᠠᠨᠠᠭᠤᠯᠭ᠎ᠠ ᠵᠡᠷᠭᠡ ᠶᠢ ᠴᠠᠭ ᠲᠤᠬᠠᠶ ᠳᠤ ᠨᠢ ᠴᠤᠭᠯᠠᠭᠤᠯᠤᠨ ᠡᠮᠬᠢᠳᠬᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠠᠨ ᠢ ᠲᠣᠳᠣᠷᠬᠠᠶ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠵᠢᠭᠰᠠᠭᠠᠨ ᠭᠠᠷᠭᠠᠵᠤ᠂ ᠠᠰᠠᠭᠤᠳᠠᠯ ᠤᠨ ᠨᠠᠷᠢᠨ ᠳᠠᠩᠰᠠ᠂ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠦᠷᠢᠯᠳᠦᠭᠦᠯᠵᠦ᠂ ᠮᠡᠳᠡᠵᠦ ᠣᠯᠪᠠᠯ ᠳᠠᠷᠤᠶ ᠰᠠᠶᠢᠵᠢᠷᠠᠭᠤᠯᠬᠤ᠂ ᠪᠠᠷᠢᠨ ᠬᠡᠷᠡᠭᠵᠢᠭᠦᠯᠵᠦ ᠳᠠᠷᠤᠶᠢᠬᠠᠨ ᠰᠠᠶᠢᠵᠢᠷᠠᠭᠤᠯᠬᠤ᠂ ᠰᠠᠶᠢᠲᠤᠷ ᠥᠭᠡᠷᠡᠴᠢᠯᠡᠵᠦ ᠪᠣᠳᠠᠲᠠᠶᠢᠵᠢᠭᠤᠯᠵᠤ᠂ ︽ᠰᠠᠶᠢᠵᠢᠷᠠᠭᠤᠯᠬᠤ︾ ᠦᠷ᠎ᠡ ᠪᠦᠲᠦᠮᠵᠢ ᠪᠠᠷ ᠭᠤᠤᠯ ᠰᠡᠳᠦᠪᠲᠦ ᠬᠥᠮᠦᠵᠢᠯ ᠪᠣᠯᠭᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠠᠢ᠃ ᠨᠢᠭᠡᠳᠦᠭᠡᠷ ᠪᠦᠯᠦᠭ ᠭᠤᠤᠯ ᠰᠡᠳᠦᠪᠲᠦ ᠰᠤᠷᠭᠠᠨ ᠬᠥᠮᠦᠵᠢᠯ ᠤᠨ ᠪᠠᠶᠢᠴᠠᠭᠠᠵᠤ ᠳᠡᠯᠭᠡᠭᠰᠡᠨ ᠠᠵᠢᠯᠯᠠᠭ᠎ᠠ ᠳᠤ ᠬᠤᠯᠪᠣᠭᠳᠠᠭᠰᠠᠨ ᠠᠰᠠᠭᠤᠳᠠᠯ ᠤᠨ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠦᠯᠢᠶᠡᠨ ᠠᠪᠴᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠬᠦᠴᠦ ᠪᠠᠨ ᠬᠠᠮᠲᠤᠳᠬᠠᠨ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号