ᠪᠥ᠋ ᠰᠢᠶᠤᠤ ᠯᠢᠨ ᠤᠯᠠᠭᠠᠨᠴᠠᠪ ᠬᠤᠳᠠ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠎ ᠢ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠭᠰᠠᠨ ᠨᠢ ᠠᠵᠤ ᠦᠢᠯᠡᠰ ᠤᠨ ᠪᠦᠷᠬᠦᠴᠡ ᠶᠢ ᠦᠷᠭᠡᠳᠭᠡᠵᠤ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠦᠷ᠎ᠠ ᠪᠦᠲᠦᠮᠵᠢ ᠶᠢ ᠳᠡᠭᠡᠭᠰᠢᠯᠡᠭᠦᠯᠬᠦ ᠬᠡᠷᠡᠭᠳᠠᠢ ᠭᠡᠪᠡ
ᠨᠡᠶᠢᠲᠡᠯᠡᠭᠰᠡᠨ ᠴᠠᠭ᠄
2019/7/8
     7 ᠳ᠋ᠤᠭᠠᠷ ᠰᠠᠷ᠎ᠠ ᠶᠢᠨ 4᠎ ᠤ ᠡᠳᠦᠷ ᠠᠴᠠ 5᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠴᠠᠪ ᠬᠤᠳᠠ ᠶᠢᠨ ᠱᠠᠩᠳᠤ ᠰᠢᠶᠠᠨ᠂ ᠬᠤᠸᠠᠳᠧ ᠰᠢᠶᠠᠨ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠦᠷᠪᠡᠳ ᠬᠤᠰᠢᠭᠤᠨ ᠳᠤ ᠭᠦᠨᠵᠡᠭᠡᠶᠢᠷᠡᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠠᠢ᠃      ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠪᠤᠯ ᠪᠦ᠋ ᠰᠢᠶᠤᠤ ᠯᠢᠨ ᠤ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠳᠠ ᠶᠢᠨ ᠨᠢᠭᠡ ᠭᠤᠤᠯᠳᠠᠯᠭ᠎ᠠ ᠪᠤᠯᠤᠨ᠎ᠠ᠂ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠶᠠᠳᠠᠭᠤ ᠠᠴᠠ ᠠᠩᠭᠢᠵᠢᠷᠠᠭᠤᠯᠬᠤ ᠠᠵᠢᠯ ᠦᠷ᠎ᠠ ᠪᠦᠲᠦᠮᠵᠢ ᠪᠠᠷ ᠶᠠᠮᠠᠷ ᠵᠡᠷᠭᠡ ᠪᠠᠶᠢᠬᠤ ᠪᠤᠢ︖ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠭᠰᠡᠡ ᠤᠤ ᠦᠭᠡᠢ ᠤᠤ︖ ᠲᠡᠷᠡ ᠱᠠᠩᠳᠤ ᠰᠢᠶᠠᠨ ᠤ ᠴᠢᠲ᠋ᠠᠢ ᠪᠠᠯᠭᠠᠰᠤᠨ ᠤ ᠯᠠᠮᠠ ᠶᠢᠨ ᠪᠠᠶᠢᠰᠢᠩ ᠲᠤᠰᠬᠤᠨ ᠤ ᠬᠤᠤᠷ ᠦᠭᠡᠶᠢᠳᠡᠭᠦᠯᠦᠭᠰᠡᠨ ᠲᠦᠮᠦᠰᠤᠨ ᠤ ᠦᠷ᠎ᠠ ᠪᠤᠶᠢᠵᠢᠭᠤᠯᠬᠤ ᠰᠠᠭᠤᠷᠢᠨ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠳ᠋ᠠ ᠯᠢᠦ ᠬᠤᠤ ᠪᠠᠯᠭᠠᠰᠤᠨ ᠤ ᠰᠢᠶᠠᠩ ᠬᠤᠢ ᠲᠠᠷᠢᠮᠠᠯ ᠲᠡᠵᠢᠭᠡᠪᠦᠷᠢ ᠶᠢᠨ ᠬᠤᠷᠰᠢᠶ᠎ᠠ ᠳᠤ ᠢᠷᠡᠵᠤ ᠲᠤᠰᠬᠠᠢ ᠬᠤᠷᠰᠢᠶ᠎ᠠ + ᠺᠤᠮᠫᠠᠨᠢ + ᠲᠠᠷᠢᠶᠠᠴᠢᠨ ᠡᠷᠦᠬᠡ ᠶᠢᠨ ᠬᠡᠯᠪᠡᠷᠢ ᠶᠢᠨ ᠵᠠᠬᠢᠶᠠᠯᠠᠭ᠎ᠠ ᠪᠠᠷ ᠶᠠᠳᠠᠭᠤ ᠶᠢ ᠳᠡᠳᠭᠦᠵᠤ ᠪᠠᠶᠢᠬᠤ ᠪᠠᠶᠢᠳᠠᠯ ᠢ ᠤᠢᠢᠯᠠᠭᠠᠪᠠ︔ ᠬᠤᠩ ᠳ᠋ᠠ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ᠂ ᠶᠢᠨ ᠱᠠᠨ ᠰᠢᠯᠢᠳᠡᠭ ᠪᠤᠭᠤᠳᠠᠢ ᠶᠢᠨ ᠺᠤᠮᠫᠠᠨᠢ᠂ ᠰᠠᠶᠢᠨᠤ ᠦᠷ᠎ᠡ ᠶᠢᠨ ᠮᠠᠯ ᠤᠨ ᠺᠤᠮᠫᠠᠨᠢ ᠳᠤ ᠢᠷᠡᠵᠤ᠂ ᠲᠠᠷᠢᠶᠠᠴᠢᠨ ᠪᠠ ᠠᠵᠤ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠪᠠᠶᠢᠭᠤᠯᠵᠤ ᠪᠠᠶᠢᠬᠤ᠂ ᠶᠠᠳᠠᠭᠤ ᠬᠦᠴᠢᠷᠳᠡᠯᠳᠠᠢ ᠡᠷᠦᠬᠡ ᠶᠢ ᠳᠠᠭᠠᠭᠤᠯᠤᠨ ᠤᠷᠤᠯᠭ᠎ᠠ ᠶᠢ ᠨᠢ ᠨᠡᠮᠡᠭᠳᠡᠭᠦᠯᠵᠤ ᠪᠠᠶᠢᠬᠤ ᠪᠠᠶᠢᠳᠠᠯ ᠢ ᠤᠢᠢᠯᠠᠭᠠᠭᠰᠠᠨ ᠪᠦᠭᠡᠳ ᠬᠤᠷᠰᠢᠶ᠎ᠠ ᠵᠢᠴᠢ ᠠᠵᠤ ᠠᠬᠤᠢᠢᠯᠠᠯ ᠤᠨ ᠬᠠᠷᠢᠭᠤᠴᠠᠯᠭᠠᠳᠠᠨ᠂ ᠰᠢᠶᠠᠩ ᠪᠠᠯᠭᠠᠰᠤᠨ ᠤ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠤᠯᠢᠯᠴᠠᠵᠤ᠂ ᠠᠵᠤ ᠦᠢᠯᠡᠰ ᠢᠶᠠᠷ ᠶᠠᠳᠠᠭᠤ ᠶᠢ ᠳᠡᠳᠭᠦᠵᠤ ᠪᠠᠶᠢᠭ᠎ᠠ ᠪᠤᠳᠠᠳᠠᠢ ᠠᠷᠭ᠎ᠠ ᠬᠡᠮᠵᠢᠶ᠎ᠠ᠂ ᠶᠠᠳᠠᠭᠤ ᠶᠢ ᠳᠡᠳᠭᠦᠵᠤ ᠪᠠᠶᠢᠬᠤ ᠦᠷ᠎ᠠ ᠪᠦᠲᠦᠮᠵᠢ ᠵᠢᠴᠢ ᠬᠦᠭᠵᠢᠯᠳᠡ ᠶᠢᠨ ᠲᠦᠯᠦᠪᠵᠢᠭᠦᠯᠭᠡ ᠶᠢ ᠯᠠᠪᠯᠠᠨ ᠠᠰᠠᠭᠤᠪᠠ᠃ ᠡᠯ᠎ᠠ ᠬᠤᠰᠢᠭᠤ ᠰᠢᠶᠠᠨ ᠤ ᠬᠢᠨ ᠭᠠᠵᠠᠷ ᠤᠷᠤᠨ ᠤ ᠪᠠᠶᠢᠳᠠᠯ ᠲᠠᠢ ᠪᠠᠨ ᠤᠶᠠᠯᠳᠤᠭᠤᠯᠤᠨ ᠠᠵᠤ ᠦᠢᠯᠡᠰ ᠢᠶᠠᠷ ᠶᠠᠳᠠᠭᠤ ᠶᠢ ᠳᠡᠳᠭᠦᠵᠤ᠂ ᠬᠤᠷᠰᠢᠶ᠎ᠠ ᠪᠠ ᠳᠠᠭᠠᠭᠤᠯᠤᠭᠴᠢ ᠠᠵᠤ ᠠᠬᠤᠢᠢᠯᠠᠯ ᠳᠤ ᠲᠦᠰᠢᠭᠯᠡᠨ ᠠᠵᠤ ᠦᠢᠯᠡᠰ ᠤᠨ ᠬᠡᠯᠬᠢᠶ᠎ᠠ ᠶᠢ ᠤᠷᠳᠤᠳᠬᠠᠵᠤ᠂ ᠠᠵᠤ ᠦᠢᠯᠡᠰ ᠤᠨ ᠦᠷ᠎ᠠ ᠠᠰᠢᠭ ᠎ ᠢ ᠳᠡᠭᠡᠭᠰᠢᠯᠡᠭᠦᠯᠵᠤ᠂ ᠶᠠᠳᠠᠭᠤ ᠬᠦᠴᠢᠷᠳᠡᠯᠳᠠᠢ ᠡᠷᠦᠬᠡ ᠶᠢ ᠳᠠᠭᠠᠭᠤᠯᠤᠨ ᠤᠨᠴᠠᠯᠢᠭᠳᠤ ᠲᠠᠷᠢᠮᠠᠯ ᠲᠡᠵᠢᠭᠡᠪᠦᠷᠢ ᠶᠢᠨ ᠦᠢᠯᠡᠰ ᠡᠷᠬᠢᠯᠡᠭᠦᠯᠬᠦ ᠪᠠᠷ ᠳᠠᠮᠵᠢᠨ ᠲᠡᠳᠡᠨ ᠤ ᠤᠷᠤᠯᠭ᠎ᠠ ᠶᠢ ᠨᠡᠮᠡᠭᠳᠡᠭᠦᠯᠵᠤ᠂ ᠶᠠᠳᠠᠭᠤ ᠶᠢ ᠳᠡᠳᠭᠦᠬᠦ ᠦᠷ᠎ᠠ ᠪᠦᠲᠦᠮᠵᠢ ᠮᠡᠳᠡᠭᠳᠡᠮ᠎ᠠ ᠪᠠᠶᠢᠭ᠎ᠠ ᠪᠠᠶᠢᠳᠠᠯ ᠢ ᠤᠢᠢᠯᠠᠭᠠᠭᠠᠳ ᠪᠦ᠋ ᠰᠢᠶᠤᠤ ᠯᠢᠨ ᠡᠭᠦᠨ ᠢ ᠨᠤᠳᠠᠯᠠᠪᠠ᠃ ᠳᠡᠷᠡ ᠴᠢᠬᠤᠯᠠᠴᠢᠯᠠᠭᠰᠠᠨ ᠨᠢ᠂ ᠠᠵᠦ ᠦᠢᠯᠡᠰ ᠢ ᠬᠦᠭᠵᠢᠬᠦᠯᠬᠦ ᠪᠤᠯ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠬᠦ ᠦᠨᠳᠦᠰᠦᠨ ᠠᠷᠭ᠎ᠠ ᠪᠤᠳᠤᠯᠭ᠎ᠠ ᠪᠤᠯᠬᠤ ᠶᠤᠮ᠂ ᠵᠠᠬ᠎ᠠ ᠳᠡᠯᠬᠡᠬᠦᠷ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠤᠶᠠᠯᠳᠤᠭᠤᠯᠵᠦ ᠪᠠᠶᠢᠭᠠᠳ᠂ ᠴᠢᠭᠯᠡᠬᠦᠯᠦᠯᠳᠦ ᠴᠢᠨᠠᠷᠳᠠᠢ ᠪᠠᠷ ᠶᠠᠳᠠᠭᠤ ᠬᠦᠴᠢᠷᠳᠡᠯᠳᠡᠢ ᠡᠷᠦᠬᠡ ᠳᠤ ᠮᠡᠳᠡᠭᠡ ᠵᠠᠩᠬᠢ ᠶᠢᠨ ᠵᠢᠯᠤᠭᠤᠳᠤᠮᠵᠢ ᠬᠠᠨᠭ᠍ᠭᠠᠬᠤ᠂ ᠮᠡᠷᠬᠡᠵᠢᠯ ᠤᠨ ᠵᠢᠯᠤᠭᠤᠳᠤᠯᠭ᠎ᠠ ᠬᠢᠬᠦ᠂ ᠡᠵᠡᠩᠨᠡᠯᠳᠡ ᠶᠢᠨ ᠪᠤᠯᠪᠠᠰᠤᠷᠠᠯ ᠬᠦᠷᠳᠡᠬᠡᠬᠦ ᠪᠠ ᠪᠡᠯᠡ ᠮᠦᠩᠬᠦᠨ ᠤ ᠳᠡᠳᠬᠦᠮᠵᠢ ᠦᠭᠬᠦ ᠵᠡᠷᠬᠡ ᠦᠢᠯᠡᠴᠢᠯᠡᠭᠡ ᠬᠠᠩᠭᠠᠵᠦ᠂ ᠠᠵᠦ ᠦᠢᠯᠡᠰ ᠤᠨ ᠪᠦᠷᠬᠦᠴᠡ ᠶᠢᠨ ᠬᠡᠪᠴᠢᠶ᠎ᠠ ᠶᠢ ᠦᠷᠬᠡᠳᠬᠡᠵᠦ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠶᠠᠲᠠᠭᠤ ᠬᠦᠴᠢᠷᠳᠡᠯᠳᠡᠢ ᠡᠷᠦᠬᠡ ᠶᠢ ᠳᠠᠶᠢᠴᠢᠯᠠᠨ ᠳᠠᠭᠠᠭᠤᠯᠬᠤ ᠦᠷ᠎ᠠ ᠪᠦᠳᠦᠮᠵᠢ ᠶᠢ ᠳᠡᠬᠡᠭᠰᠢᠯᠡᠬᠦᠯᠵᠦ᠂ ᠶᠠᠳᠠᠭᠤ ᠶᠢ ᠳᠡᠳᠬᠦᠬᠦ ᠶᠢ ᠵᠤᠷᠢᠬ ᠢ ᠳᠡᠳᠬᠦᠬᠦ᠂ ᠤᠶᠤᠨ ᠢ ᠳᠡᠳᠬᠦᠬᠦ ᠯᠦᠭᠡ ᠤᠶᠠᠯᠳᠤᠭᠤᠯᠬᠤ ᠶᠢ ᠴᠢᠩᠭᠠᠳᠬᠠᠵᠦ᠂ ᠳᠤᠬᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ ᠦᠷ᠎ᠠ ᠪᠦᠳᠦᠮᠵᠢᠳᠡᠢ ᠳᠤᠬᠳᠠᠴᠠ ᠶᠢ ᠪᠠᠶᠢᠭᠤᠯᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠳᠤᠬᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢᠨ ᠬᠠᠮᠳᠤ᠂ ᠪᠠᠰᠠ ᠠᠯᠬᠤᠮ ᠠᠯᠬᠤᠮ ᠢᠶᠠᠷ ᠪᠠᠶᠠᠵᠢᠨ ᠴᠢᠨᠡᠬᠡᠯᠢᠭᠵᠢᠬᠦ ᠵᠠᠮ ᠢᠶᠠᠷ ᠵᠠᠮᠨᠠᠭᠤᠯᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠪᠠ᠃      ᠪᠦ᠋ ᠰᠢᠶᠤᠤ ᠯᠢᠨ ᠪᠠᠰᠠ ᠬᠡᠰᠡᠭ ᠳᠤᠰᠬᠤᠨ ᠤ ︽ᠬᠤᠶᠠᠷ ᠵᠦᠪᠯᠡᠯ︾ ᠪᠤᠯᠤᠨ ᠦᠨᠳᠦᠰᠦᠨ ᠱᠠᠳᠤᠨ ᠤ ᠡᠮ ᠡᠮᠨᠡᠯᠬᠡ ᠶᠢᠨ ᠪᠠᠶᠢᠭᠤᠯᠤᠮᠵᠢ᠂ ᠬᠠᠶᠢᠷ᠎ᠠ ᠬᠠᠯᠠᠮᠵᠢ ᠶᠢᠨ ᠨᠡᠶᠢᠳᠡ ᠶᠢᠨ ᠠᠰᠠᠷᠠᠮᠵᠢ ᠶᠢᠨ ᠬᠠᠮ ᠳᠡᠯᠬᠡᠬᠦᠷ ᠵᠡᠷᠬᠡ ᠭᠠᠵᠠᠷ ᠲᠤ ᠢᠷᠡᠵᠦ᠂ ᠨᠠᠮ ᠤᠨ ᠪᠠᠶᠢᠭᠤᠯᠤᠯᠳᠠ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠎ ᠢ ᠠᠬᠢᠭᠤᠯᠵᠦ ᠪᠠᠶᠢᠭ᠎ᠠ ᠪᠠᠶᠢᠳᠠᠯ ᠢ ᠤᠢᠢᠯᠠᠭᠠᠵᠦ᠂ ᠶᠠᠳᠠᠭᠤ ᠶᠢ ᠳᠡᠳᠬᠦᠬᠦ ᠠᠵᠢᠯ ᠢ ᠪᠠᠶᠢᠴᠠᠭᠠᠵᠦ᠂ ᠳᠤᠰᠬᠤᠨ ᠳᠤ ᠰᠠᠭᠤᠭ᠎ᠠ ᠺᠠᠳ᠋ᠷ ᠢ ᠡᠷᠬᠢᠨ ᠦᠵᠡᠪᠡ︔ ᠶᠠᠳᠠᠭᠤ ᠬᠦᠴᠢᠷᠳᠡᠯᠳᠡᠢ ᠡᠷᠦᠬᠡ ᠵᠠᠩ ᠵᠠᠨ ᠮᠢᠩ᠂ ᠸᠠᠩ ᠵᠠᠨ ᠱᠠᠨ ᠤ ᠬᠡᠷ ᠢᠶᠠᠷ ᠬᠦᠷᠴᠤ᠂ ᠶᠠᠳᠠᠭᠤᠷᠠᠬᠰᠠᠨ ᠰᠢᠯᠲᠠᠭᠠᠨ᠂ ᠬᠠᠪᠰᠤᠷᠤᠨ ᠳᠡᠳᠬᠦᠵᠦ ᠪᠠᠶᠢᠭ᠎ᠠ ᠠᠷᠭ᠎ᠠ ᠬᠡᠮᠵᠢᠶ᠎ᠡ᠂ ᠠᠵᠦ ᠦᠢᠯᠡᠰ ᠢᠶᠠᠷ ᠳᠠᠶᠢᠴᠢᠯᠠᠵᠦ ᠪᠠᠶᠢᠭ᠎ᠠ ᠪᠠᠶᠢᠲᠠᠯ᠂ ᠰᠠᠭᠤᠬᠤ ᠬᠡᠷ ᠤᠤᠭᠤᠬᠤ ᠤᠰᠤ᠂ ᠡᠮ ᠡᠮᠨᠡᠯᠬᠡ ᠶᠢᠨ ᠪᠠᠳᠤᠯᠠᠭ᠎ᠠ ᠵᠡᠷᠬᠡ ᠪᠠᠶᠢᠳᠠᠯ ᠤᠳ ᠢ ᠤᠢᠢᠯᠠᠭᠠᠪᠠ᠃ ᠳᠡᠷᠡ ᠴᠢᠬᠤᠯᠠᠴᠢᠯᠠᠭᠰᠠᠨ ᠨᠢ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠠᠮ ᠤᠨ ᠬᠡᠰᠢᠬᠦᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠮᠳᠠᠬᠢ ᠳᠠᠶᠢᠴᠢᠯᠠᠨ ᠳᠠᠭᠠᠭᠤᠯᠬᠤ ᠦᠢᠯᠡᠳᠦᠯ ᠢ ᠨᠢ ᠬᠦᠢᠴᠡᠳ ᠪᠠᠳᠠᠷᠠᠭᠤᠯᠵᠦ᠂ ᠶᠠᠳᠠᠭᠤ ᠬᠦᠴᠢᠷᠳᠡᠯᠳᠡᠢ ᠭᠠᠴᠠᠭ᠎ᠠ ᠳᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠨᠤᠳᠤᠬ ᠤᠨ ᠠᠬ᠎ᠠ ᠳᠡᠬᠦᠤ ᠨᠠᠷ ᠢᠶᠠᠨ ᠳᠠᠶᠢᠴᠢᠯᠠᠨ ᠳᠠᠭᠠᠭᠤᠯᠤᠭᠠᠳ ᠴᠢᠨᠡᠬᠡᠯᠢᠭ ᠨᠡᠶᠢᠭᠡᠮ ᠳᠡᠶᠢᠰᠢ ᠤᠷᠤᠬᠰᠢᠯᠠᠬᠤ ᠪᠠᠳᠤ ᠴᠢᠩᠭ᠎ᠠ ᠳᠠᠶᠢᠴᠢᠨ ᠪᠠᠬᠢᠯᠡᠯᠳᠡ ᠪᠤᠯᠭᠠᠨ ᠪᠦᠳᠦᠬᠡᠨ ᠪᠠᠶᠢᠭᠤᠯᠬᠤ ᠬᠡᠷᠡᠭᠳᠡᠢ ᠬᠡᠪᠠ᠃      ᠪᠦ᠋ ᠰᠢᠶᠤᠤ ᠯᠢᠨ ᠵᠢᠭᠠᠭᠰᠠᠨ ᠨᠢ᠂ ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠠᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠂ ᠡᠷᠬᠡᠪᠰᠢ ᠤᠯᠤᠰ ᠳᠦᠷᠦ ᠶᠢᠨ ᠵᠤᠬᠰᠤᠴᠠ ᠪᠠᠨ ᠦᠨᠡᠨ ᠬᠦ ᠳᠡᠬᠡᠭᠰᠢᠯᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠢᠯᠠᠯᠳᠠ ᠤᠯᠬᠤ ᠭᠤᠷᠪᠠᠨ ᠵᠢᠯ ᠤᠨ ᠠᠵᠢᠯᠯᠠᠭᠠᠨ ᠤ ᠳᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠤᠬᠤᠯᠠᠪᠤᠷᠢ ᠶᠢᠨ ᠵᠤᠷᠢᠬ ᠰᠠᠨᠠᠭ᠎ᠠ ᠪᠤᠯᠤᠨ ᠳᠦᠪ ᠤᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠵᠠᠪᠠᠯ ᠢᠯᠠᠯᠳᠠ ᠤᠯᠬᠤ ᠢᠳᠡᠬᠡᠯ ᠢᠶᠠᠨ ᠪᠠᠳᠤᠳᠬᠠᠵᠦ᠂ ᠰᠢᠯᠢᠳᠡᠭ ᠬᠦᠴᠦᠨ ᠢ ᠲᠤᠬᠢᠷᠠᠭᠤᠯᠤᠨ ᠲᠠᠶᠢᠯᠠᠯᠳᠤᠭᠠᠨ ᠬᠢᠵᠤ᠂ ᠲᠦᠢᠯ ᠤᠨ ᠣᠨᠣᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠬᠦᠷᠬᠡ ᠶᠢ ᠴᠢᠨᠠᠷ ᠰᠠᠶᠢᠳᠠᠢ ᠪᠠᠶᠠᠯᠠᠬᠦᠯᠵᠦ᠂ ᠳᠤᠬᠳᠠᠬᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠳᠠ ᠶᠢ ᠳᠡᠮᠡᠴᠡᠨ ᠤᠯᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠪᠠ᠃      ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠠᠵᠦ ᠠᠬᠤᠢᠢᠯᠡᠯ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号