ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠴᠠᠭ ᠲᠤᠬᠠᠶ ᠳᠤ ᠨᠢ᠂ | ᠬᠤᠷᠳᠣᠨ ᠱᠠᠯᠠᠮᠠᠭᠠᠢ᠂ ᠥᠨᠳᠥᠷ ᠪᠦᠳᠣᠮᠵᠢᠳᠠᠢ ᠲᠠᠢ ᠪᠠᠷ ᠰᠠᠶᠢᠲᠤᠷ ᠬᠢᠵᠤ᠂ ︽ᠪᠠᠭᠤᠯᠭᠠᠬᠤ᠂ ᠬᠠᠮᠢᠶᠠᠷᠬᠤ᠂ | ᠦᠢᠯᠡᠴᠢᠯᠡᠬᠦ︾ ᠶᠢ ᠭᠦᠨᠵᠡᠭᠡᠶ ᠠᠬᠢᠭᠤᠯᠵᠣ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠯᠵᠢᠶ᠎ᠠ ᠡᠷᠬᠢᠯᠡᠬᠦ | ᠣᠷᠴᠢᠨ ᠨᠦᠬᠦᠴᠡᠯ ᠢ ᠪᠦᠷᠢᠯᠳᠣᠬᠦᠯᠬᠦ ᠶᠢᠨ ᠲᠣᠰᠠᠳᠠ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ | ᠲᠢᠩᠬᠢᠮ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠥᠪ ᠤᠨ ᠦᠢᠯᠡᠴᠢᠯᠡᠬᠡᠨ ᠤ ᠴᠣᠩᠬᠤ ᠨᠢ | ᠣᠯᠠᠨ ᠠᠷᠭ᠎ᠠ ᠬᠡᠮᠵᠢᠶ᠎ᠡ ᠶᠢ ᠵᠡᠷᠬᠡ ᠪᠠᠷ ᠠᠪᠴᠤ᠂ ᠦᠶᠯᠡᠴᠢᠯᠡᠭᠡᠨ ᠤ ᠦᠷ᠎ᠡ ᠪᠦᠲᠦᠮᠵᠢ ᠪᠠ ᠦᠶᠯᠡᠴᠢᠯᠡᠭᠡᠨ ᠤ ᠬᠢᠷᠢ | ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠣᠯᠠᠨ ᠲᠦᠮᠡᠨ ᠪᠠ ᠠᠵᠤ ᠠᠬᠤᠶᠢᠯᠠᠯ ᠳᠤ ᠴᠢᠨᠠᠷ ᠰᠠᠶᠢᠲᠠᠶ | ᠦᠶᠯᠡᠴᠢᠯᠡᠭᠡ ᠬᠠᠩᠭᠠᠵᠣ ᠪᠤᠢ᠃ | ᠡᠨᠡ ᠵᠢᠯ ᠠᠴᠠ ᠨᠠᠰᠢ᠂ ᠠᠶᠢᠮᠠᠭ ᠤᠨ ᠵᠠᠰᠠᠭ ᠤᠨ ᠶᠠᠪᠤᠳᠠᠯ ᠤᠨ ᠲᠢᠩᠬᠢᠮ ᠤᠨ ᠥᠯᠥ ᠬᠥᠳᠡᠯᠬᠦ ᠬᠥᠷᠥᠩᠭᠡ | ᠶᠢ ᠳᠠᠩᠰᠠᠯᠠᠬᠤ ᠲᠥᠪ ᠤᠨ ᠴᠣᠩᠬᠤ ᠨᠢ ᠦᠶᠯᠡᠴᠢᠯᠡᠭᠡᠨ ᠤ ᠵᠢᠷᠤᠮᠵᠢᠯ ᠪᠠ ᠱᠠᠭᠠᠷᠳᠠᠯᠭ᠎ᠠ ᠲᠠᠢ ᠴᠢᠩᠭ᠎ᠠ | ᠬᠠᠷᠭᠠᠯᠵᠠᠭᠤᠯᠵᠣ᠂ ︽ᠵᠢᠵᠢᠭ ᠴᠣᠩᠬᠤᠪᠴᠢ᠂ ᠲᠣᠮᠣ ᠬᠠᠷᠢᠭᠤᠴᠠᠯᠭ᠎ᠠ︾ ᠶᠢᠨ ᠦᠶᠯᠡᠴᠢᠯᠡᠭᠡᠨ ᠤ ᠤᠬᠠᠮᠰᠠᠷ ᠢ ᠪᠣᠶ | ᠪᠤᠯᠭᠠᠨ᠂ ᠴᠣᠩᠬᠤᠨ ᠤ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠂ ᠦᠶᠯᠡᠴᠢᠯᠡᠭᠡᠨ ᠤ ᠦᠶᠯᠡᠳᠦᠯ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠶᠢᠨ ᠳᠤᠮᠳᠠ ᠪᠠᠨ ᠵᠠᠯᠭᠠᠭ᠎ᠠ ᠪᠠᠷ ᠭᠢᠯᠠᠰ ᠴᠡᠭ ᠤᠳ ᠢ | ᠡᠬᠦᠳᠪᠡ᠃ ᠨᠢᠭᠡ ᠳᠤ᠂ ᠴᠠᠭ ᠣᠷᠳᠣᠭᠬᠠᠵᠤ ᠬᠦᠢᠴᠡᠳᠬᠡᠵᠣ ᠦᠭᠬᠦ᠂ ᠭᠡᠷ ᠲᠤ ᠨᠢ ᠬᠦᠷᠴᠦ ᠭᠦᠶᠴᠡᠳᠬᠡᠬᠦ᠂ | ᠰᠠᠨᠠᠭᠠᠴᠢᠯᠠᠭ᠎ᠠ ᠠᠴᠠ ᠪᠠᠨ ᠭᠦᠶᠴᠡᠳᠬᠡᠬᠦ ᠵᠡᠷᠬᠡ ᠣᠨᠴᠠᠯᠢᠭᠲᠤ ᠭᠦᠶᠴᠡᠳᠬᠡᠬᠦ ᠠᠷᠭ᠎ᠠ ᠮᠠᠶ᠋ᠢᠭ ᠢ ᠠᠪᠴᠤ᠂ | ᠭᠤᠤᠯᠳᠠᠭᠤ ᠣᠯᠠᠨ ᠲᠦᠮᠡᠨ ᠪᠤᠯᠤᠨ ᠠᠵᠤ ᠠᠬᠤᠶᠢᠯᠠᠯ ᠤᠨ ᠥᠯᠥ ᠬᠥᠳᠡᠯᠬᠦ ᠬᠥᠷᠥᠩᠭᠡ ᠪᠠᠨ ᠳᠠᠩᠰᠠᠯᠠᠭᠤᠯᠬᠤ | ᠲᠤᠬᠠᠶᠢᠯᠠᠭᠰᠠᠨ ᠠᠵᠢᠯ ᠢ ᠭᠦᠶᠴᠡᠳᠬᠡᠬᠦ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ︽ᠣᠯᠠᠨ | ᠲᠦᠮᠡᠨ ᠳᠤ ᠶᠠᠭᠠᠷᠠᠣ ᠦᠢᠯᠡᠴᠢᠯᠡᠬᠦ︾ ᠵᠠᠷᠴᠢᠮ ᠶᠣᠰᠣᠭᠠᠷ᠂ ᠬᠠᠨᠳᠤᠯᠭᠠᠲᠤ ᠴᠢᠨᠠᠷᠲᠠᠶ ᠪᠠᠷ ᠬᠠᠮᠤᠭ ᠤᠨ ᠲᠦᠷᠭᠡᠨ | ᠬᠠᠮᠤᠭ ᠤᠨ ᠥᠨᠳᠥᠷ ᠪᠦᠲᠦᠮᠵᠢᠲᠡᠶ ᠭᠦᠶᠴᠡᠳᠬᠡᠬᠦ ᠠᠷᠭ᠎ᠠ ᠮᠠᠶ᠋ᠢᠭ ᠢ ᠬᠡᠷᠡᠭᠯᠡᠵᠡᠢ︔ ᠬᠤᠶᠠᠷ ᠲᠤ᠂ ︽ᠠᠷᠠᠳ ᠲᠤ | ᠳᠥᠭᠦᠮ ᠦᠵᠡᠭᠦᠯᠬᠦ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ᠂ ᠵᠢᠷᠤᠮᠵᠢᠭᠤᠨ︾ ᠪᠠᠶᠢᠬᠤ ᠱᠠᠭᠠᠷᠳᠠᠯᠭ᠎ᠠ | ᠶᠣᠰᠣᠭᠠᠷ ︽ᠨᠢᠭᠡ ᠯᠡ ᠤᠳᠠᠭ᠎ᠠ ᠳᠤ ᠮᠡᠳᠡᠭᠳᠡᠬᠦ︾᠂ ︽ᠦᠶᠯᠡᠴᠢᠯᠡᠭᠡᠨ ᠤ ᠠᠮᠠᠯᠠᠯᠲᠠ ᠶᠢᠨ ᠳᠦᠷᠢᠮ︾᠂ ︽ᠴᠠᠭ | ᠬᠢᠵᠠᠭᠠᠷᠯᠠᠨ ᠪᠡᠶᠡᠯᠡᠬᠦᠯᠬᠦ ᠳᠦᠷᠢᠮ︾ ᠢ ᠴᠢᠩᠭ᠎ᠠ ᠨᠠᠶᠢᠳᠠᠪᠣᠷᠢᠵᠢᠭᠤᠯᠵᠡᠢ︔ ᠭᠤᠷᠪᠠ ᠳᠤ᠂ ᠦᠢᠯᠡᠴᠢᠯᠡᠭᠡ ᠪᠠᠨ | ᠦᠷᠬᠡᠳᠬᠡᠨ ᠳᠡᠯᠡᠵᠤ᠂ ᠪᠠᠶᠠᠨᠬᠤᠲᠠ ᠪᠠᠯᠭᠠᠰᠤ ᠶᠢᠨ ᠬᠡᠪᠴᠢᠶᠡᠨ ᠳᠠᠬᠢ ᠭᠤᠷᠪᠠᠨ ᠮᠥᠩᠭᠦᠨ ᠭᠦᠶᠯᠭᠡᠭᠡᠨ ᠤ | ᠪᠠᠶᠢᠭᠤᠯᠤᠮᠵᠢ ᠯᠤᠭ᠎ᠠ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠤᠯᠪᠣᠭᠠᠯᠠᠨ ᠬᠠᠮᠵᠢᠯᠴᠠᠵᠤ᠂ ᠥᠯᠥ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠬᠦ ᠦᠢᠯᠡᠴᠢᠯᠡᠭᠡ ᠶᠢ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠴᠣᠩᠬᠤᠪᠴᠢ | ᠬᠦᠷᠲᠡᠯ᠎ᠡ ᠦᠷᠬᠡᠳᠬᠡᠵᠤ᠂ ᠠᠵᠤ ᠠᠬᠤᠶᠢᠯᠠᠯ ᠪᠤᠶᠤ ᠣᠯᠠᠨ ᠲᠦᠮᠡᠨ ᠪᠠᠷᠢᠴᠠᠭᠠᠳᠤ ᠵᠢᠭᠡᠯᠡᠯᠭᠡ ᠶᠢᠨ ᠭᠠᠷᠳᠠᠮ | ᠭᠦᠶᠴᠡᠳᠬᠡᠬᠦ ᠳᠤ ᠪᠠᠨ ᠪᠠᠩᠬᠢ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠴᠣᠩᠬᠤᠨ ᠤ | ᠬᠤᠭᠤᠷᠣᠨᠳᠣ ᠨᠠᠰᠢ ᠴᠠᠰᠢ ᠬᠦᠶᠣᠯᠴᠡᠬᠦ ᠥᠬᠡᠶ ᠪᠤᠯᠭᠠᠵᠡᠢ᠃ |