ᠶᠡᠷᠦᠩᠬᠡᠢ ᠪᠡᠯᠡ ᠣᠷᠤᠭᠤᠯᠤᠯᠲᠠ ᠨᠢ 1.26 ᠳ᠋ᠦᠩᠰᠢᠭᠤᠷ ᠲᠥᠭᠦᠷᠢᠭ᠂ ᠵᠢᠯ ᠳᠤ 120 ᠲᠦᠮᠡᠨ ᠠᠯᠠᠰᠢᠨ | ᠬᠤᠨᠢ ᠨᠢᠲᠤᠯᠵᠤ ᠡᠳ᠋ᠰᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠪᠥᠬᠦ ᠤᠯᠤᠰ ᠤᠨ ᠠᠩᠬᠠᠳᠠᠭᠴᠢ | ᠭᠠᠳᠠᠭᠠᠳᠤ ᠣᠷᠤᠭᠤᠯᠤᠯᠲᠠ ᠶᠢᠨ ᠠᠯᠠᠰᠢᠨ ᠬᠤᠨᠢ ᠡᠳ᠋ᠰᠢᠭᠦᠯᠬᠦ ᠲᠥᠷᠥᠯ ᠵᠦᠢᠯ ᠪᠣᠯᠤᠨ᠎ᠠ᠂ ᠲᠤᠰ ᠲᠥᠷᠥᠯ ᠵᠦᠢᠯ ᠢ | ᠥᠪᠥᠷ ᠮᠣᠩᠭᠤᠯ ᠤᠨ ᠶᠢᠩ ᠹᠧᠶ ᠳ᠋ᠢ ᠺᠧ ᠢᠳᠡᠭᠡᠨ ᠤ ᠬᠢᠵᠠᠭᠠᠷᠲᠤ ᠺᠣᠮᠫᠠᠨᠢ ᠠᠴᠠ 2018 ᠣᠨ 9 ᠳ᠋ᠦ᠋ᠭᠡᠷ | ᠰᠠᠷ᠎ᠠ ᠳᠤ ᠪᠠᠯᠠ ᠣᠷᠣᠭᠤᠯᠤᠨ ᠪᠦᠲᠦᠭᠡᠨ ᠪᠠᠢᠭᠤᠯᠵᠤ᠂ ᠨᠡᠶᠢᠲᠡ 10 ᠲᠦᠮᠡᠨ ᠲᠡᠭᠰᠢ ᠳᠥᠷᠪᠡᠯᠵᠢᠨ ᠮᠧᠲᠷ ᠭᠠᠵᠠᠷ | ᠡᠵᠡᠯᠡᠨ᠂ ᠪᠦᠲᠦᠭᠡᠨ ᠪᠠᠶᠢᠭᠤᠯᠤᠭᠰᠠᠨ 2 ᠵᠤᠷᠪᠤᠰ ᠦᠢᠯᠡᠳᠪᠦᠷᠢᠯᠡᠯ ᠤᠨ ᠱᠤᠭᠤᠮ ᠨᠢ ᠡᠳᠦᠷ ᠲᠤ 3000 | ᠠᠯᠠᠰᠢᠨ ᠬᠤᠨᠢ ᠨᠢᠳᠤᠯᠬᠤ ᠪᠦᠭᠡᠳ ᠣᠳᠣᠬᠢᠴᠢᠯᠠᠭᠰᠠᠨ ᠦᠢᠯᠡᠳᠪᠦᠷᠢᠯᠡᠯ ᠤᠨ ᠲᠠᠰᠤᠭ ᠨᠢ 1.2 ᠲᠦᠮᠡᠨ ᠲᠡᠭᠰᠢ | ᠳᠥᠷᠪᠡᠯᠵᠢᠨ ᠮᠧᠲᠷ ᠬᠦᠷᠴᠦ᠂ ᠪᠣᠬᠢᠷ ᠤᠰᠤ ᠶᠢ ᠰᠢᠢᠳᠪᠦᠷᠢᠯᠡᠬᠦ᠂ ᠠᠮᠢᠳᠤ ᠬᠤᠨᠢ ᠲᠤᠰᠠᠭᠠᠷᠯᠠᠬᠤ ᠲᠠᠯᠠᠪᠠᠢ ᠵᠡᠷᠭᠡ | ᠰᠠᠭᠤᠷᠢ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠪᠠ᠃ ᠥᠨᠥ ᠪᠣᠯᠬᠤ ᠳᠤ᠂ ᠦᠢᠯᠡᠳᠪᠦᠷᠢ ᠶᠢᠨ | ᠭᠡᠷ ᠪᠠᠶᠢᠰᠢᠩ ᠢ ᠵᠠᠰᠠᠵᠤ ᠴᠢᠮᠡᠭᠯᠡᠬᠦ ᠪᠠ ᠨᠢᠲᠤᠯᠵᠤ ᠡᠳ᠋ᠰᠢᠭᠦᠯᠬᠦ᠂ ᠬᠥᠯᠳᠡᠭᠡᠬᠦ᠂ ᠪᠣᠬᠢᠷ ᠤᠰᠤ ᠶᠢ ᠰᠢᠢᠳᠪᠦᠷᠢᠯᠡᠬᠦ | ᠵᠡᠷᠭᠡ ᠪᠡᠯᠡᠳᠬᠡᠮᠵᠢ ᠶᠢ ᠨᠢᠭᠡᠨᠲᠡ ᠤᠭᠰᠠᠷᠠᠵᠤ ᠳᠠᠭᠤᠰᠬᠠᠨ᠂ ᠦᠢᠯᠡᠳᠪᠦᠷᠢ ᠶᠢᠨ ᠲᠣᠭᠤᠷᠢᠭ ᠢ ᠬᠠᠲᠠᠭᠤᠷᠠᠭᠤᠯᠬᠤ | ᠵᠡᠷᠭᠡ ᠪᠠᠷᠢᠯᠭ᠎ᠠ ᠶᠢᠨ ᠠᠵᠢᠯ ᠨᠢ ᠰᠢᠪᠲᠤᠷᠠᠭᠠᠨ ᠳᠤ ᠪᠠᠨ ᠣᠷᠣᠵᠤ᠂ ᠳᠤᠮᠳᠠᠳᠤ ᠮᠣᠩᠭᠤᠯ ᠬᠤᠶᠠᠷ ᠲᠠᠯ᠎ᠠ ᠶᠢᠨ | ᠪᠣᠭᠤᠮᠲᠠ ᠶᠢᠨ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠤᠷ ᠲᠣᠭᠤᠷᠢᠭ ᠨᠢ ᠴᠥᠮ ᠬᠢᠨᠠᠨ ᠰᠢᠯᠭᠠᠯᠲᠠ ᠳᠤ | ᠪᠠᠲᠤᠯᠠᠭᠳᠠᠵᠤ᠂ ᠣᠳᠣᠬᠠᠨ ᠳᠤ ᠵᠠᠮ ᠤᠨ ᠡᠭᠦᠳᠡ ᠬᠤᠲᠠ ᠳᠤ 3.5 ᠲᠦᠮᠡᠨ ᠠᠮᠢᠳᠤ ᠬᠤᠨᠢ ᠶᠢ ᠲᠤᠰᠠᠭᠠᠷᠯᠠᠵᠤ | ᠪᠣᠢ᠂ ᠣᠶᠢᠷ᠎ᠠ ᠶᠢᠨ ᠬᠤᠭᠤᠴᠠᠭᠠᠨ ᠳᠤ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ | ᠣᠷᠣᠬᠤ ᠪᠠᠷ ᠪᠠᠶᠢᠨ᠎ᠠ᠃ |