ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠪᠥᠬᠦ ᠣᠷᠣᠨ ᠤ ᠭᠠᠶᠢᠯᠢ ᠲᠤᠰᠢᠶᠠᠭᠴᠢ ᠰᠦᠶᠳᠬᠡᠯ ᠲᠤᠰᠢᠶᠠᠭᠴᠢ ᠳᠤ ︽ᠭᠠᠶᠢᠯᠢ ᠰᠦᠢᠳᠬᠡᠯ ᠢ ᠬᠥᠩᠭᠡᠯᠡᠬᠦ ᠴᠡᠪᠡᠷ ᠠᠰᠢᠭ ᠤᠨ ᠳᠠᠩᠰᠠ︾᠎ ᠶᠢ ᠣᠨᠣᠪᠴᠢᠲᠠᠶ ᠪᠠᠷ ᠳᠠᠮᠵᠢᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2019/7/9
ᠬᠦᠨᠳᠦᠲᠦ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠳᠤ᠄       ᠭᠠᠶᠢᠯᠢ ᠶᠢ ᠬᠥᠩᠭᠡᠯᠡᠬᠦ ᠲᠥᠷᠦ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠥᠪᠥᠷ ᠮᠣᠩᠭᠤᠯ ᠤᠨ i ᠭᠠᠶᠢᠯᠢ ᠶᠢᠨ ᠦᠶᠯᠡᠴᠢᠯᠡᠭᠡᠨ ᠤ ᠲᠠᠪᠴᠠᠩ︾ ᠳᠡᠭᠡᠷ᠎ᠡ ︽ᠭᠠᠶᠢᠯᠢ ᠶᠢ ᠬᠥᠩᠭᠡᠷᠡᠭᠦᠯᠬᠦ︾ ᠲᠤᠰᠬᠠᠶ ᠰᠡᠳᠦᠪᠲᠦ ᠴᠢᠳᠠᠮᠵᠢ ᠶᠢᠨ ᠪᠣᠯᠣᠩ ᠨᠡᠭᠡᠭᠡᠪᠡ᠂ ᠡᠭᠦᠨ ᠳᠤ ︽ᠴᠡᠪᠡᠷ ᠠᠰᠢᠭ ᠤᠨ ᠳᠠᠩᠰᠠ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠭᠠᠶᠢᠯᠢ ᠪᠤᠴᠠᠭᠠᠬᠤ ᠳ᠋ᠢᠶᠠᠩᠬᠤᠸᠠ ᠶᠢᠨ ᠦᠨᠡᠨ ᠡᠰᠡᠬᠦ ᠶᠢ ᠰᠢᠯᠭᠠᠬᠤ︾ ᠵᠡᠷᠭᠡ ᠦᠶᠯᠡᠴᠢᠯᠡᠭᠡᠨ ᠤ ᠴᠢᠳᠠᠮᠵᠢ ᠶᠢ ᠪᠠᠭᠲᠠᠭᠠᠭᠰᠠᠨ ᠪᠥᠭᠡᠳ ᠪᠥᠬᠦ ᠣᠷᠣᠨ ᠤ ᠭᠠᠶᠢᠯᠢ ᠲᠤᠰᠢᠶᠠᠭᠴᠢ᠂ ᠰᠦᠶᠳᠬᠡᠯ ᠲᠤᠰᠢᠶᠠᠭᠴᠢ ᠳᠤ ᠰᠦᠶᠳᠬᠡᠯ ᠬᠤᠷᠢᠶᠠᠬᠤ ᠦᠭᠡᠢ ᠪᠠᠷ ᠣᠨᠣᠪᠴᠢᠲᠠᠶ ᠪᠠᠷ ᠳᠠᠮᠵᠢᠭᠤᠯᠵᠤ᠂ ᠵᠥᠪᠬᠡᠨ ᠭᠠᠷ ᠤᠲᠠᠰᠤ ᠪᠠᠷ ᠢᠶᠠᠨ ︽ᠥᠪᠥᠷ ᠮᠣᠩᠭᠤᠯ ᠤᠨ i ᠭᠠᠶᠢᠯᠢ ᠶᠢᠨ ᠦᠶᠯᠡᠴᠢᠯᠡᠭᠡᠨ ᠤ ᠲᠠᠪᠴᠠᠩ︾᠎ ᠳᠤ ᠭᠠᠷᠪᠠᠯ ᠳᠠᠷᠤᠶ ᠬᠡᠵᠢᠶ᠎ᠡ ᠬᠠᠮᠢᠭ᠎ᠠ ᠴᠤ ᠭᠡᠰᠡᠨ ᠭᠠᠶᠢᠯᠢ ᠬᠥᠩᠭᠡᠯᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠴᠡᠪᠡᠷ ᠠᠰᠢᠭ ᠤᠨ ᠳᠠᠩᠰᠠ᠂ ᠭᠠᠶᠢᠯᠢ ᠪᠤᠴᠠᠭᠠᠬᠤ ᠳ᠋ᠢᠶᠠᠩᠬᠤᠸᠠ ᠶᠢᠨ ᠦᠨᠡᠨ ᠡᠰᠡᠬᠦ ᠶᠢ ᠰᠢᠯᠭᠠᠵᠤ ᠬᠤᠳᠠᠯ ᠬᠠᠭᠤᠷᠮᠠᠭ ᠮᠡᠬᠡᠯᠡᠯ ᠠᠴᠠ ᠰᠡᠷᠭᠡᠶᠢᠯᠡᠬᠦ ᠵᠡᠷᠭᠡ ᠮᠡᠳᠡᠭᠡ ᠵᠠᠩᠭᠢ ᠪᠠ ᠦᠶᠯᠡᠴᠢᠯᠡᠭᠡ ᠶᠢ ᠬᠦᠷᠲᠡᠵᠦ ᠪᠣᠯᠤᠨ᠎ᠠ᠃      ︽ᠥᠪᠥᠷ ᠮᠣᠩᠭᠤᠯ ᠤᠨ i ᠭᠠᠶᠢᠯᠢ ᠶᠢᠨ ᠦᠶᠯᠡᠴᠢᠯᠡᠭᠡᠨ ᠤ ᠲᠠᠪᠴᠠᠩ︾ ᠪᠣᠯ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠦᠲᠦᠭᠡᠨ ᠪᠠᠶᠢᠭᠤᠯᠤᠭᠰᠠᠨ ᠭᠠᠶᠢᠯᠢ ᠲᠤᠰᠢᠶᠠᠬᠤ ᠰᠢᠯᠵᠢᠮᠡᠯ ᠣᠶᠤᠨᠴᠢ ᠦᠶᠯᠡᠴᠢᠯᠡᠭᠡᠨ ᠤ ᠲᠠᠪᠴᠠᠩ ᠪᠣᠯᠤᠨ᠎ᠠ᠂ ᠭᠠᠶᠢᠯᠢ ᠶᠢᠨ ᠰᠦᠶᠳᠬᠡᠯ ᠤᠨ ᠲᠥᠷᠥ ᠶᠢᠨ ᠪᠣᠳᠣᠯᠭ᠎ᠠ ᠪᠣᠯᠣᠨ ᠭᠠᠶᠢᠯᠢ ᠬᠥᠩᠭᠡᠯᠡᠬᠦ ᠴᠡᠪᠡᠷ ᠠᠰᠢᠭ ᠤᠨ ᠳᠠᠩᠰᠠ ᠶᠢᠨ ᠦᠶᠯᠡᠴᠢᠯᠡᠭᠡ ᠶᠢ ᠣᠨᠣᠪᠴᠢᠲᠠᠢ ᠪᠠᠷ ᠳᠠᠮᠵᠢᠭᠤᠯᠬᠤ ᠠᠴᠠ ᠭᠠᠳᠠᠨ᠎ᠠ᠂ ᠪᠠᠰᠠ ᠪᠥᠬᠦ ᠣᠷᠣᠨ ᠤ ᠭᠠᠶᠢᠯᠢ ᠲᠤᠰᠢᠶᠠᠭᠴᠢ᠂ ᠰᠦᠶᠳᠬᠡᠯ ᠲᠤᠰᠢᠶᠠᠭᠴᠢ ᠳᠤ ᠳᠣᠤᠷᠠᠬᠢ ᠮᠡᠲᠦ ᠦᠶᠯᠡᠴᠢᠯᠡᠭᠡ ᠶᠢ ᠰᠦᠶᠳᠬᠡᠯ ᠬᠤᠷᠢᠶᠠᠬᠤ ᠦᠭᠡᠢ ᠪᠠᠷ ᠬᠠᠩᠭᠠᠨ᠎ᠠ᠄ ᠬᠡᠷᠡᠭᠯᠡᠭᠴᠢᠳ ᠤᠨ ᠭᠠᠶᠢᠯᠢ ᠳᠤ ᠬᠤᠯᠪᠣᠭᠳᠠᠬᠤ ᠡᠯ᠎ᠡ ᠲᠥᠷᠥᠯ ᠎ ᠤᠨ ᠰᠠᠭᠤᠷᠢ ᠮᠡᠳᠡᠭᠡ ᠵᠠᠩᠭᠢ ᠬᠠᠩᠭᠠᠬᠤ᠂ ᠭᠠᠶᠢᠯᠢ ᠶᠢᠨ ᠰᠦᠶᠳᠬᠡᠯ ᠳᠤ ᠬᠤᠯᠪᠣᠭᠳᠠᠬᠤ ᠴᠢᠬᠤᠯᠠ ᠵᠦᠶᠯᠡᠰ ᠪᠠ ᠲᠦᠭᠰᠢᠭᠦᠷᠢ ᠶᠢᠨ ᠰᠠᠨᠠᠭᠤᠯᠤᠮᠵᠢ ᠶᠢ ᠠᠦ᠋ᠲ ᠢᠶᠠᠷ ᠳᠠᠮᠵᠢᠭᠤᠯᠬᠤ᠂ ᠴᠠᠭ ᠲᠣᠬᠠᠢ ᠳᠤ ᠨᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠭᠠᠶᠢᠯᠢ ᠲᠤᠰᠢᠶᠠᠭᠴᠢ ᠶᠢ ᠪᠣᠯᠪᠠᠰᠤᠷᠠᠭᠤᠯᠤᠨ ᠬᠠᠪᠰᠤᠷᠤᠨ ᠵᠢᠯᠣᠭᠤᠳᠬᠤ᠂ ᠭᠠᠶᠢᠯᠢ ᠲᠤᠰᠢᠶᠠᠬᠤ ᠦᠶᠯᠡᠴᠢᠯᠡᠭᠡᠨ ᠤ ᠵᠦᠭᠯᠡᠭᠦᠷ ᠪᠣᠯᠣᠨ ᠭᠠᠶᠢᠯᠢ ᠲᠤᠰᠢᠶᠠᠬᠤ ᠲᠠᠯᠠᠪᠤᠷ ᠭᠠᠵᠠᠷ ᠢ ᠭᠠᠵᠠᠷ ᠤᠨ ᠵᠢᠷᠤᠭ ᠢᠶᠠᠷ ᠵᠠᠮᠴᠢᠯᠠᠬᠤ᠂ ᠰᠦᠯᠵᠢᠶᠡᠨ ᠳᠡᠭᠡᠷᠡᠬᠢ ᠣᠶᠤᠨᠴᠢ ᠯᠠᠪᠯᠠᠭ᠎ᠠ ᠥᠭᠬᠦ ᠪᠠ ᠭᠠᠶᠢᠯᠢ ᠶᠢᠨ ᠬᠠᠮᠢᠶ᠎ᠠ ᠪᠦᠬᠦᠢ ᠰᠣᠯᠢᠯᠴᠠᠭ᠎ᠠ ᠬᠢᠬᠦ᠂ ᠭᠠᠶᠢᠯᠢ ᠳᠤ ᠬᠤᠯᠪᠣᠭᠳᠠᠬᠤ ᠳᠦᠭᠦᠮ ᠵᠦᠢᠯᠡᠰ ᠢ ᠭᠠᠷ ᠤᠲᠠᠰᠤᠨ ᠳᠡᠭᠡᠷ᠎ᠡ ᠭᠠᠷᠳᠠᠮ ᠭᠦᠶᠴᠡᠳᠬᠡᠬᠦ᠂ ᠺᠣᠳ᠋ ᠢ ᠰᠢᠷᠪᠢᠵᠦ ᠥᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠢ ᠬᠡᠷᠡᠭᠯᠡᠭᠡᠨ ᠤ ᠪᠠᠷᠢᠮᠲᠠ ᠪᠣᠯᠣᠨ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠶᠢ ᠪᠠᠶᠢᠴᠠᠭᠠᠵᠤ ᠦᠵᠡᠬᠦ ᠵᠡᠷᠭᠡ ᠠᠯᠢ ᠣᠯᠠᠨ ᠴᠢᠳᠠᠮᠵᠢ ᠬᠢᠭᠡᠳ ᠦᠢᠯᠡᠴᠢᠯᠡᠭᠡ ᠬᠠᠩᠭᠠᠨ᠎ᠠ᠃      ︽ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠴᠡᠪᠡᠷ ᠠᠰᠢᠭ ᠤᠨ ᠳᠠᠩᠰᠠ︾᠎ ᠶᠢ ᠦᠨ᠎ᠡ ᠲᠥᠯᠥᠪᠦᠷᠢ ᠦᠭᠡᠢ ᠪᠠᠷ ᠣᠯᠵᠤ᠂ ᠭᠠᠶᠢᠯᠢ ᠪᠠ ᠰᠦᠶᠳᠬᠡᠯ ᠳᠤ ᠬᠤᠯᠪᠣᠭᠳᠠᠭᠰᠠᠨ ᠳᠥᠭᠦᠮ ᠦᠵᠡᠭᠦᠯᠬᠦ ᠦᠶᠯᠡᠴᠢᠯᠡᠭᠡ ᠶᠢ ᠬᠦᠷᠲᠡᠶ᠎ᠡ ᠭᠡᠪᠡᠯ᠂ ᠭᠠᠷ ᠤᠲᠠᠰᠤ ᠪᠠᠷ ᠢᠶᠠᠨ ᠳᠣᠤᠷᠠᠬᠢ ᠬᠤᠶᠠᠷ ᠬᠡᠮᠵᠢᠯᠳᠦ ᠺᠣᠳ᠋ ᠢ ᠰᠢᠷᠪᠢᠭᠡᠷᠡᠶ᠄
     ᠨᠢᠭᠡᠳᠦᠭᠡᠷ ᠠᠯᠬᠤᠮ᠄ ︽ᠳ᠋ᠢᠩ ᠳ᠋ᠢᠩ ᠪᠠᠭᠤᠯᠭᠠᠬᠤ︾ ᠺᠣᠳ᠋ ᠢ ᠰᠢᠷᠪᠢᠬᠦ ᠶᠢᠨ ᠬᠠᠮᠲᠤ ᠳᠠᠩᠰᠠᠯᠠᠨ᠎ᠠ
     ᠬᠤᠶᠠᠳᠣᠭᠠᠷ ᠠᠯᠬᠤᠮ᠄  ︽ᠳ᠋ᠢᠩ ᠳ᠋ᠢᠩ ᠪᠠᠭᠤᠯᠭᠠᠬᠤ︾ ᠺᠣᠳ᠋ ᠢ ᠰᠢᠷᠪᠢᠵᠦ i ᠭᠠᠶᠢᠯᠢ ᠶᠢᠨ ᠲᠠᠪᠴᠠᠩ ᠳᠤ ᠣᠷᠣᠨ᠎ᠠ    ︵ᠭᠠᠶᠢᠯᠢ ᠶᠢᠨ ᠲᠣᠪᠴᠢᠶ᠎ᠠ ᠳᠤ ᠦᠨᠡᠨ ᠨᠡᠷ᠎ᠡ ᠪᠠᠷ ᠢᠶᠠᠨ ᠭᠡᠷᠡᠴᠢᠯᠡᠭᠦᠯᠦᠭᠰᠡᠨ ᠭᠠᠷ ᠤᠲᠠᠰᠤᠨ ᠤ ᠨᠣᠮᠧᠷ ᠢ ᠬᠡᠷᠡᠭᠯᠡᠵᠦ ᠳᠠᠩᠰᠠᠯᠠᠭᠤᠯᠤᠨ᠎ᠠ︶
     ᠭᠤᠷᠪᠠᠳᠤᠭᠠᠷ ᠠᠯᠬᠤᠮ᠄ ᠲᠠᠪᠴᠠᠩ ᠳᠤ ᠣᠷᠣᠨ᠎ᠠ      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ                                   2019 ᠣᠨ 7 ᠰᠠᠷ᠎ᠠ ᠶᠢᠨ 8᠎ ᠤ ᠡᠳᠦᠷ      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号