ᠪᠠᠶᠠᠨᠨᠠᠭᠤᠷ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠢᠯᠡᠷᠬᠡᠶᠢᠯᠡᠯ ᠡᠯᠭᠦᠨ | ᠪᠠᠶᠢᠭᠤᠯᠤᠭᠳᠠᠭᠰᠠᠨ ᠠᠴᠠ ᠨᠠᠭᠠᠰᠢ᠂ ᠠᠵᠢᠯ ᠤᠨ ᠰᠡᠳᠬᠢᠮᠵᠢ ᠪᠠᠨ ᠢᠳᠡᠪᠬᠢᠲᠡᠢ ᠬᠤᠪᠢᠷᠠᠭᠤᠯᠤᠨ᠂ ᠠᠵᠢᠯ ᠤᠨ | ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ᠂ ᠴᠢᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤᠬᠠᠶᠢᠯᠠᠪᠠᠯ ︽ᠬᠤᠶᠠᠷ | ᠲᠣᠭᠲᠠᠭᠠᠭᠰᠠᠨ︾ ᠪᠠᠶᠢᠭᠤᠯᠤᠮᠵᠢ ᠶᠢᠨ ᠵᠥᠪᠯᠡᠯᠴᠡᠭᠡᠷ ᠤᠨ ᠬᠠᠮᠢᠶᠠᠷᠤᠯᠲᠠ ᠶᠢ ᠴᠢᠩᠭᠠᠳᠬᠠᠪᠠ᠃ | ᠳᠦᠷᠢᠮ ᠢ ᠲᠡᠭᠦᠯᠳᠡᠷᠵᠢᠭᠦᠯᠵᠦ᠂ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠪᠠ᠃ ︽ᠬᠤᠶᠠᠷ ᠲᠣᠭᠲᠠᠭᠠᠭᠰᠠᠨ︾ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠤᠨ ᠴᠤᠪᠤᠷᠠᠯ ᠢ | ᠪᠦᠬᠦ ᠲᠠᠯ᠎ᠠ ᠪᠠᠷ ᠡᠮᠬᠢᠯᠡᠨ ᠲᠢᠭᠯᠡᠵᠦ᠂ ︽ᠬᠤᠶᠠᠷ ᠢ ᠴᠢᠩᠭᠠᠳᠬᠠᠨ᠂ ᠬᠤᠶᠠᠷ ᠢ ᠨᠢᠭᠡᠳᠦᠯᠲᠡᠢ ᠪᠣᠯᠭᠠᠬᠤ︾ ᠪᠠᠷ | ᠳᠠᠮᠵᠢᠭᠤᠯᠤᠨ ︽ᠬᠤᠶᠠᠷ ᠲᠣᠭᠲᠠᠭᠠᠭᠰᠠᠨ︾ ᠪᠠᠶᠢᠭᠤᠯᠤᠮᠵᠢ ᠶᠢᠨ ᠬᠠᠮᠢᠶᠠᠷᠤᠯᠲᠠ ᠶᠢ ᠳᠦᠷᠢᠮᠵᠢᠭᠦᠯᠦᠭᠰᠡᠨ᠂ | ᠵᠢᠷᠤᠮᠵᠢᠭᠤᠯᠤᠭᠰᠠᠨ ᠲᠡᠰᠢ ᠲᠦᠯᠬᠢᠨ ᠠᠬᠢᠭᠤᠯᠪᠠ᠃ ︽ᠬᠤᠶᠠᠷ ᠢ ᠴᠢᠩᠭᠠᠳᠬᠠᠬᠤ︾ ᠭᠡᠳᠡᠭ ᠨᠢ ᠳᠠᠷᠤᠶ | ︽ᠬᠤᠶᠠᠷ ᠲᠣᠭᠲᠠᠭᠠᠭᠰᠠᠨ︾ ᠪᠠᠶᠢᠭᠤᠯᠤᠮᠵᠢ ᠶᠢᠨ ᠡᠳᠦᠷ ᠲᠤᠲᠤᠮ ᠤᠨ ᠪᠠᠶᠢᠴᠠᠭᠠᠯᠲᠠ ᠶᠢ ᠴᠢᠩᠭᠠᠳᠬᠠᠵᠤ᠂ | ︽ᠬᠤᠶᠠᠷ ᠲᠣᠭᠲᠠᠭᠠᠭᠰᠠᠨ︾ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠠᠵᠢᠯᠲᠠᠨ ᠤ ᠪᠣᠯᠪᠠᠰᠤᠷᠠᠭᠤᠯᠤᠯ | ᠢ ᠴᠢᠩᠭᠠᠳᠬᠠᠬᠤ ᠪᠣᠯᠣᠨ᠎ᠠ︔ ︽ᠬᠤᠶᠠᠷ ᠢ ᠨᠢᠭᠡᠳᠦᠯᠲᠡᠢ ᠪᠣᠯᠭᠠᠬᠤ︾ ᠭᠡᠳᠡᠭ ᠨᠢ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠶᠢ ᠨᠢᠭᠡᠳᠦᠯᠲᠡᠶ ᠪᠣᠯᠭᠠᠵᠤ᠂ ᠭᠠᠷᠲᠠᠨ ᠭᠦᠶᠴᠡᠳᠬᠡᠬᠦ ᠦᠶᠯᠡᠴᠢᠯᠡᠭᠡᠨ ᠤ ᠴᠤᠪᠤᠷᠠᠯ ᠢ ᠨᠢᠭᠡᠳᠦᠯᠲᠡᠶ ᠪᠣᠯᠭᠠᠵᠤ᠂ ᠡᠮ | ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢ ᠨᠠᠩ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠭᠠᠬᠤ | ᠶᠠᠪᠤᠳᠠᠯ ᠪᠣᠯᠣᠨ᠎ᠠ᠃ | ᠵᠥᠪᠳᠡᠯᠴᠡᠭᠡᠷ ᠲᠣᠭᠲᠠᠵᠤ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠪᠡ᠃ ᠡᠨᠡ ᠵᠢᠯ ᠠᠴᠠ ᠨᠠᠭᠠᠰᠢ᠂ | ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠪᠥᠬᠦ ᠬᠤᠲᠠ ᠶᠢᠨ ᠡᠮ ᠡᠮᠨᠡᠯᠭᠡ ᠶᠢᠨ ᠪᠠᠶᠢᠭᠤᠯᠤᠮᠵᠢ | ᠪᠣᠯᠣᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠪᠠ | ᠴᠢᠩᠭ᠎ᠠ ᠬᠢᠨᠠᠨ ᠬᠠᠷᠭᠤᠭᠤᠯᠵᠤ᠂ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠶᠢ ᠨᠢ ᠶᠠᠭ ᠣᠷᠣᠭᠤᠯᠬᠤ | ᠥᠬᠡᠶ ᠪᠣᠯᠭᠠᠪᠠ᠃ ᠡᠭᠦᠨ ᠤ ᠬᠠᠮᠲᠤ᠂ ᠪᠣᠳᠠᠲᠠᠶ ᠲᠠᠢ ᠪᠠᠨ ᠤᠶᠠᠯᠳᠤᠭᠤᠯᠤᠨ᠂ ᠵᠥᠪᠯᠡᠯᠴᠡᠭᠡᠷ ᠤᠨ ᠠᠭᠤᠯᠭ᠎ᠠ ᠶᠢ | ᠲᠡᠭᠦᠯᠳᠡᠷᠵᠢᠭᠦᠯᠵᠦ᠂ ᠨᠢᠭᠡ ᠵᠢᠯ ᠳᠤ ᠨᠢᠭᠡ ᠭᠡᠷ᠎ᠡ ᠲᠣᠭᠲᠠᠬᠤ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ | ︽ᠬᠤᠶᠠᠷ ᠲᠣᠭᠲᠠᠭᠠᠭᠰᠠᠨ︾ ᠪᠠᠶᠢᠭᠤᠯᠤᠮᠵᠢ ᠶᠢᠨ ᠵᠥᠪᠳᠡᠯᠴᠡᠨ ᠬᠠᠮᠢᠶᠠᠷᠬᠤ ᠬᠥᠳᠡᠯᠦᠩᠭᠦᠶ ᠤᠷᠲᠤ ᠬᠤᠭᠤᠴᠠᠭᠠᠨ | ᠤ ᠪᠦᠲᠦᠮᠵᠢᠲᠡᠶ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠪᠡ᠃ ᠲᠡᠭᠡᠬᠦ ᠮᠥᠷᠲᠡᠭᠡᠨ ᠪᠠᠶᠠᠨᠨᠠᠭᠤᠷ | ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠦᠶᠯᠡᠴᠢᠯᠡᠭᠡᠨ ᠤ ᠬᠡᠷᠡᠭᠴᠡᠭᠡ ᠳᠤ ᠨᠠᠩ ᠰᠠᠶᠢᠲᠤᠷ | ᠵᠣᠬᠢᠴᠠᠭᠤᠯᠬᠤ ᠶᠢᠨ ᠲᠥᠯᠥᠭᠡ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠷᠢ ᠬᠡᠮ ᠢ ᠬᠢᠨᠠᠨ ᠪᠠᠶᠢᠴᠠᠭᠠᠬᠤ | ᠭᠤᠭᠴᠤᠭ᠎ᠠ ᠶᠢ ᠬᠦᠴᠦᠨ ᠥᠬᠡᠶ ᠪᠣᠯᠭᠠᠬᠤ ᠪᠠᠷ ᠵᠥᠪᠳᠡᠯᠴᠡᠭᠡᠷ ᠲᠣᠭᠲᠠᠵᠤ᠂ ᠭᠠᠷᠲᠠᠨ ᠭᠦᠶᠴᠡᠳᠬᠡᠬᠦ ᠪᠠᠶᠢᠭᠤᠯᠤᠮᠵᠢ | ᠠᠴᠠ ᠨᠥᠬᠦᠴᠡᠯ ᠳᠤ ᠨᠡᠶᠢᠴᠡᠬᠦ ᠡᠮ ᠡᠮᠨᠡᠯᠭᠡ ᠶᠢᠨ ᠪᠠᠶᠢᠭᠤᠯᠤᠮᠵᠢ ᠲᠠᠢ ᠰᠢᠭᠤᠳ ᠵᠥᠪᠳᠡᠯᠴᠡᠭᠡᠷ ᠲᠣᠭᠲᠠᠬᠤ | ᠪᠣᠯᠭᠠᠪᠠ᠃ | ᠬᠢᠨᠠᠨ ᠰᠢᠯᠭᠠᠬᠤ ᠶᠢ ᠴᠢᠩᠭᠠᠷᠠᠭᠤᠯᠵᠤ᠂ ᠴᠢᠩᠭ᠎ᠠ ᠦᠨᠡᠯᠡᠯᠲᠡ ᠬᠢᠪᠡ᠃ ᠬᠢᠨᠠᠨ ᠰᠢᠯᠭᠠᠬᠤ ᠠᠭᠤᠯᠭ᠎ᠠ ᠪᠠᠨ | ᠲᠣᠳᠣᠷᠬᠠᠶᠢᠯᠠᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠬᠡᠮᠵᠢᠶᠡᠵᠢᠭᠦᠯᠦᠨ᠂ ᠳᠠᠯᠳᠠᠭᠤᠷ ᠰᠤᠷᠪᠤᠯᠵᠢᠯᠠᠬᠤ ᠪᠠ | ᠪᠣᠳᠠᠲᠠᠶ ᠭᠠᠵᠠᠷ ᠲᠤ ᠨᠢ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ᠂ ᠣᠨ ᠤ ᠪᠠᠶᠢᠴᠠᠭᠠᠯᠲᠠ ᠪᠠ ᠡᠳᠦᠷ | ᠲᠤᠲᠤᠮ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠠᠪᠴᠤ᠂ ︽ᠬᠤᠶᠠᠷ ᠲᠣᠭᠲᠠᠭᠠᠭᠰᠠᠨ︾ | ᠪᠠᠶᠢᠭᠤᠯᠤᠮᠵᠢ ᠶᠢᠨ ᠵᠥᠪᠯᠡᠯᠴᠡᠭᠡᠷ ᠢ ᠬᠡᠷᠡᠭᠵᠢᠭᠦᠯᠦᠭᠰᠡᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠲᠣᠭᠲᠠᠭᠠᠯᠲᠠ | ᠬᠢᠪᠡ᠃ | ᠨᠡᠪᠲᠡᠷᠡᠯᠴᠡᠭᠡ ᠪᠠᠨ ᠴᠢᠩᠭᠠᠳᠬᠠᠵᠤ᠂ ᠬᠥᠮᠥᠨᠴᠢᠯᠡᠭᠰᠡᠨ ᠬᠠᠮᠢᠶᠠᠷᠤᠯᠲᠠ ᠬᠢᠪᠡ᠃ ︽ᠬᠤᠶᠠᠷ | ᠲᠣᠭᠲᠠᠭᠠᠭᠰᠠᠨ︾ ᠪᠠᠶᠢᠭᠤᠯᠤᠮᠵᠢ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ ᠪᠠᠶᠢᠴᠠᠭᠠᠨ | ᠰᠤᠳᠤᠯᠵᠤ ᠰᠤᠷᠪᠤᠯᠵᠢᠯᠠᠨ᠂ ᠥᠷᠭᠡᠨ ᠢᠶᠠᠷ ᠰᠠᠨᠠᠯ ᠬᠤᠷᠢᠶᠠᠵᠤ᠂ ︽ᠬᠤᠶᠠᠷ ᠲᠣᠭᠲᠠᠭᠠᠭᠰᠠᠨ︾ ᠪᠠᠶᠢᠭᠤᠯᠤᠮᠵᠢ ᠲᠠᠢ | ᠲᠣᠭᠲᠠᠮᠠᠯ ᠪᠣᠰᠤ ᠬᠤᠭᠤᠴᠠᠭ᠎ᠠ ᠲᠠᠢ ᠪᠠᠷ ᠶᠠᠷᠢᠯᠴᠠᠬᠤ ᠬᠤᠷᠠᠯ ᠬᠢᠪᠡ︔ ᠳᠠᠭᠠᠭᠠᠴᠢᠯᠠᠨ ᠬᠤᠯᠪᠣᠭᠠᠯᠠᠬᠤ ᠬᠠᠪᠰᠤᠷᠤᠨ | ᠲᠡᠳᠬᠦᠬᠦ ᠠᠵᠢᠯ ᠤᠨ ᠳᠦᠷᠢᠮ ᠢ ᠬᠡᠷᠡᠭᠵᠢᠭᠦᠯᠵᠦ᠂ ᠤᠳᠤᠷᠢᠳᠤᠯᠭ᠎ᠠ ᠪᠣᠯᠤᠨ ᠲᠤᠬᠠᠶᠢᠯᠠᠭᠰᠠᠨ ᠠᠵᠢᠯ ᠤᠨ | ᠬᠠᠷᠢᠭᠤᠴᠠᠯᠭᠠᠲᠠᠨ ᠨᠢᠭᠡᠪᠦᠷᠢ ᠳᠠᠭᠠᠭᠠᠴᠢᠯᠠᠨ ᠬᠤᠯᠪᠣᠭᠠᠯᠠᠬᠤ ᠬᠠᠪᠰᠤᠷᠤᠨ ᠲᠡᠳᠬᠦᠬᠦ ᠡᠮᠨᠡᠯᠭᠡ ᠶᠢᠨ ᠬᠤᠷᠢᠶ᠎ᠠ ᠶᠢ | ᠬᠤᠪᠢᠶᠠᠷᠢᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠳᠠᠭᠠᠭᠠᠴᠢᠯᠠᠨ ᠬᠤᠯᠪᠣᠭᠠᠯᠠᠬᠤ ᠡᠲᠡᠭᠡᠳ ᠯᠦᠭᠡ ᠠᠵᠢᠯ ᠤᠨ | ᠪᠠᠶᠢᠳᠠᠯ ᠢᠶᠠᠨ ᠨᠡᠪᠲᠡᠷᠡᠯᠴᠡᠵᠦ᠂ ︽ᠬᠤᠶᠠᠷ ᠲᠣᠭᠲᠠᠭᠠᠭᠰᠠᠨ︾ ᠪᠠᠶᠢᠭᠤᠯᠤᠮᠵᠢ ᠶᠢᠨ ᠰᠠᠨᠠᠯ ᠰᠠᠨᠠᠭᠤᠯᠭ᠎ᠠ ᠶᠢ | ᠰᠣᠨᠣᠰᠪᠠ᠃ | ᠣᠳᠣᠬᠠᠨ ᠪᠣᠯᠲᠠᠯ᠎ᠠ᠂ ᠪᠦᠬᠦ ᠬᠤᠲᠠ ᠶᠢᠨ 1048 ᠡᠷᠦᠬᠡ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠂ 734 ᠡᠷᠦᠬᠡ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠨᠢᠭᠡᠨᠲᠡ | ᠦᠶᠯᠡᠴᠢᠯᠡᠭᠡᠨ ᠤ ᠵᠥᠪᠯᠡᠯᠴᠡᠭᠡᠷ ᠲᠣᠭᠲᠠᠪᠠ︔ ᠤᠶᠤᠨᠲᠤ ᠬᠢᠨᠠᠨ ᠡᠵᠡᠮᠳᠡᠬᠦ ᠲᠣᠮᠣ ᠳ᠋ᠠᠶᠢᠲ᠋ᠠ ᠪᠣᠯᠤᠨ ᠲᠤᠬᠠᠶ ᠶᠢᠨ | ᠭᠠᠵᠠᠷ ᠲᠤ ᠨᠢ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ 93 | ᠡᠷᠦᠬᠡ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠂ 135 ᠡᠷᠦᠬᠡ ᠴᠡᠭ ᠲᠣᠭᠲᠠᠭᠠᠭᠰᠠᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠲᠤ ᠪᠠᠶᠢᠴᠠᠭᠠᠯᠲᠠ ᠬᠢᠪᠡ︔ 31 ᠡᠮᠴᠢᠯᠡᠭᠡᠨ ᠤ ᠪᠠᠶᠢᠭᠤᠯᠤᠮᠵᠢ ᠪᠠ 12 ᠡᠮ | ᠤᠨ ᠳᠡᠯᠭᠡᠭᠦᠷ ᠲᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠱᠠᠭᠠᠷᠳᠠᠯᠭ᠎ᠠ ᠳᠤᠷᠠᠳᠴᠤ᠂ ᠬᠠᠮᠢᠶ᠎ᠠ | ᠪᠦᠬᠦᠢ ᠬᠠᠷᠢᠭᠤᠴᠠᠯᠭᠠᠲᠠᠨ ᠲᠠᠢ 15 ᠬᠥᠮᠦᠨ ᠤᠳᠠᠭ᠎ᠠ ᠪᠣᠯᠵᠣᠨ ᠶᠠᠷᠢᠯᠴᠠᠪᠠ︔ ᠲᠣᠭᠲᠠᠭᠠᠯ ᠠᠴᠠ ᠵᠥᠷᠢᠴᠡᠭᠰᠡᠨ | ᠡᠮᠴᠢᠯᠡᠭᠡᠨ ᠤ ᠪᠠᠶᠢᠭᠤᠯᠤᠮᠵᠢ ᠠᠴᠠ 144 ᠲᠦᠮᠡᠨ ᠲᠥᠭᠦᠷᠢᠭ ᠰᠠᠭᠤᠯᠭᠠᠨ ᠠᠪᠤᠪᠠ᠃ | |