| | | ᠤᠳᠤᠬᠠᠨ ᠳᠤ ᠶᠠᠭ ᠦᠷᠨᠢᠭᠦᠯᠵᠤ ᠪᠠᠶᠢᠭ᠎ᠠ ︽ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠪᠤᠯᠤᠨ ᠶᠡᠷᠦᠩᠬᠡᠢ ᠱᠦᠵᠢ ᠰᠢ ᠶᠢᠨ ᠫᠢᠩ | ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ 8 ᠰᠠᠷ᠎ᠠ ᠶᠢᠨ 11 ᠤ | ᠡᠳᠦᠷ ᠠᠴᠠ 12 ᠤᠨ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠷᠳᠤᠰ ᠬᠤᠳᠠ ᠶᠢᠨ ᠤᠳᠤᠭ ᠤᠨ ᠡᠮᠦᠨᠡᠳᠤ | ᠬᠤᠰᠢᠭᠤ᠂ ᠦᠦᠰᠢᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠵᠠᠢ᠃ | ᠤᠳᠤᠭ ᠤᠨ ᠡᠮᠦᠨᠡᠳᠤ ᠬᠤᠰᠢᠭᠤ ᠪᠠᠶᠢᠭᠠᠯᠢ ᠶᠢᠨ ᠡᠬᠢ ᠪᠠᠶᠠᠯᠢᠭ ᠪᠤᠯᠤᠨ ᠬᠤᠪᠢᠰᠬᠠᠯ ᠤᠨ ᠰᠤᠶᠤᠯ ᠤᠨ | ᠳᠠᠪᠠᠭᠤᠯᠢᠭ ᠲᠠᠭᠠᠨ ᠲᠦᠰᠢᠭᠯᠡᠵᠤ᠂ ᠪᠤᠯᠪᠠᠰᠤᠷᠠᠯ ᠬᠦᠷᠳᠡᠭᠡᠬᠦ᠂ ᠪᠡᠶᠡᠴᠢᠯᠡᠨ ᠤᠢᠢᠯᠠᠭᠠᠬᠤ᠂ ᠦᠢᠯᠡᠳᠦᠯᠭᠡᠵᠢᠭᠦᠯᠬᠦ ᠶᠢ | ᠨᠢᠭᠡᠳᠭᠡᠭᠰᠡᠨ ᠬᠤᠪᠢᠰᠬᠠᠯ ᠤᠨ ᠰᠤᠶᠤᠯ ᠢ ᠰᠤᠳᠤᠯᠤᠨ ᠰᠤᠷᠤᠯᠴᠠᠬᠤ᠂ ᠵᠢᠭᠤᠯᠴᠢᠯᠠᠨ ᠰᠤᠷᠤᠯᠴᠠᠬᠤ ᠰᠠᠭᠤᠷᠢᠨ | ᠪᠠᠶᠢᠭᠤᠯᠵᠤ᠂ ᠬᠤᠪᠢᠰᠬᠠᠯᠳᠤ ᠳᠠᠶᠢᠨ ᠤ ᠦᠶ᠎ᠠ ᠳᠠᠬᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠮᠤᠩᠭᠤᠯ | ᠦᠨᠳᠦᠰᠦᠳᠡᠨ ᠤ ᠤᠷᠤᠰᠢᠨ ᠠᠮᠢᠳᠤᠷᠠᠬᠤ ᠭᠠᠵᠠᠷ ᠤᠷᠤᠨ ᠳᠤ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ | ᠤᠨᠤᠯ ᠤᠨ ᠰᠤᠳᠤᠯᠭᠠᠨ ᠪᠤᠯᠤᠨ ᠦᠨᠳᠦᠰᠦᠳᠡᠨ ᠤ ᠨᠢᠭᠡᠳᠦᠮᠡᠯ ᠹᠷᠤᠨᠲ ᠤᠨ ᠠᠵᠢᠯ ᠤᠨ ᠡᠬᠢᠨ ᠤ ᠦᠶ᠎ᠠ ᠶᠢᠨ | ᠦᠢᠯᠡᠳᠦᠯᠭᠡ ᠶᠢᠨ ᠶᠠᠪᠤᠴᠠ ᠶᠢ ᠳᠡᠯᠭᠡᠨ ᠦᠵᠡᠭᠦᠯᠵᠤ ᠪᠠᠶᠢᠨ᠎ᠠ᠃ ᠪᠦ᠋ ᠰᠢᠶᠤᠤ ᠯᠢᠨ ᠪᠤᠷᠤᠪᠠᠯᠭᠠᠰᠤ ᠶᠢᠨ ᠰᠢᠪᠠᠭ ᠤᠨ | ᠵᠠᠳᠠᠭᠠᠢ ᠶᠢᠨ ᠬᠤᠪᠢᠰᠬᠠᠯ ᠤᠨ ᠰᠤᠶᠤᠯ ᠤᠨ ᠬᠦᠮᠦᠵᠢᠯ ᠤᠨ ᠰᠠᠭᠤᠷᠢᠨ ᠵᠡᠷᠭᠡ ᠭᠠᠵᠠᠷ ᠲᠤ ᠬᠦᠷᠴᠤ᠂ ᠡᠯ᠎ᠠ ᠵᠦᠢᠯ | ᠤᠨ ᠴᠢᠳᠠᠮᠵᠢᠳᠤ ᠠᠵᠢᠯᠯᠠᠭ᠎ᠠ ᠶᠢᠨ ᠲᠠᠰᠤᠭ ᠢ ᠪᠠᠶᠢᠴᠠᠭᠠᠨ ᠦᠵᠡᠵᠤ᠂ ᠰᠠᠭᠤᠷᠢᠨ ᠤ ᠡᠵᠡᠩᠨᠡᠯᠳᠡ᠂ ᠠᠵᠢᠯᠯᠠᠭ᠎ᠠ | ᠦᠷᠨᠢᠭᠦᠯᠵᠤ ᠪᠠᠶᠢᠭ᠎ᠠ ᠪᠠᠶᠢᠳᠠᠯ ᠪᠤᠯᠤᠨ ᠪᠠᠭᠰᠢ ᠶᠢᠨ ᠵᠢᠭᠠᠨ ᠰᠤᠷᠭᠠᠯᠳᠠ ᠶᠢᠨ ᠪᠠᠶᠢᠳᠠᠯ ᠢ ᠨᠠᠷᠢᠨ ᠨᠢᠭᠳᠠ | ᠤᠢᠢᠯᠠᠭᠠᠵᠠᠢ᠃ ᠲᠡᠷᠡ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠤ᠂ ᠭᠠᠵᠠᠷ ᠤᠷᠤᠨ ᠤ ᠪᠠᠶᠢᠳᠠᠯ ᠲᠠᠢ ᠪᠠᠨ | ᠤᠶᠠᠯᠳᠤᠭᠤᠯᠤᠨ ᠬᠦᠮᠦᠵᠢᠯ ᠤᠨ ᠲᠦᠷᠦᠯ ᠵᠦᠢᠯ ᠢᠶᠠᠨ ᠪᠠᠶᠢᠷᠢᠰᠢᠭᠤᠯᠤᠨ ᠦᠷᠭᠡᠵᠢᠭᠦᠯᠵᠦ᠂ ᠵᠢᠭᠠᠨ ᠰᠤᠷᠭᠠᠯᠳᠠ | ᠶᠢᠨ ᠴᠢᠳᠠᠮᠵᠢ ᠪᠠᠨ ᠪᠠᠶᠠᠯᠢᠭᠵᠢᠭᠤᠯᠵᠤ᠂ ᠬᠤᠪᠢᠰᠬᠠᠯ ᠤᠨ ᠬᠦᠮᠦᠵᠢᠯ ᠤᠨ ᠰᠠᠭᠤᠷᠢᠨ ᠤ ᠵᠢᠱᠢᠶ᠎ᠠ ᠦᠵᠡᠭᠦᠯᠬᠦ | ᠦᠢᠯᠡᠳᠦᠯ ᠪᠤᠯᠤᠨ ᠳᠠᠶᠢᠴᠢᠯᠠᠨ ᠳᠠᠭᠠᠭᠤᠯᠬᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠬᠤᠪᠢᠰᠬᠠᠯ ᠤᠨ ᠰᠤᠶᠤᠯ | ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠤᠯᠠᠮ ᠴᠢᠨᠠᠭᠰᠢᠳᠠ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠲᠦᠭᠡᠯ ᠢ ᠪᠠᠬᠢᠵᠢᠭᠦᠯᠬᠦ ᠪᠤᠯᠤᠨ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠬᠦᠴᠦᠨ ᠨᠡᠮᠡᠷᠢᠯᠡᠬᠦ | ᠬᠡᠷᠡᠭᠳᠠᠢ ᠭᠡᠵᠤ ᠴᠢᠬᠤᠯᠠᠴᠢᠯᠠᠵᠠᠢ᠃ | ᠦᠤᠰᠢᠨ ᠬᠤᠰᠢᠭᠤ ᠬᠤᠪᠢᠰᠬᠠᠯ ᠤᠨ ᠲᠡᠦᠬᠡᠨ ᠪᠠᠭᠤᠷᠢ ᠪᠠᠷ ᠠᠴᠢᠶᠠᠯᠠᠪᠤᠷᠢ ᠪᠤᠯᠭᠠᠵᠤ᠂ ᠬᠤᠪᠢᠰᠬᠠᠯ ᠤᠨ | ᠬᠦᠮᠤᠵᠢᠯ ᠤᠨ ᠬᠢᠴᠢᠶᠠᠯ ᠤᠨ ᠳᠠᠩᠬᠢᠮ ᠢᠶᠠᠨ ᠪᠠᠶᠠᠯᠢᠬ ᠠᠭᠤᠯᠭ᠎ᠠ ᠲᠠᠢ ᠡᠷᠬᠢᠯᠠᠵᠤ ᠪᠤᠢ᠃ ᠪᠦ᠋ ᠰᠢᠶᠤᠤ ᠯᠢᠨ | 1949 ᠣᠨ ᠤ ᠨᠠᠮᠤᠷ ᠤᠨ ᠰᠡᠬᠦᠯᠴᠢ ᠶᠢᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠤᠰᠢᠨ ᠬᠤᠰᠢᠭᠤᠨ | ᠤ ᠬᠤᠷᠢᠶᠠᠨ ᠤ ᠠᠯᠪᠠᠨ ᠭᠠᠵᠠᠷ ᠤᠨ ᠪᠠᠭᠤᠷᠢ᠂ ᠰᠢᠨᠡᠯᠡᠮᠠ ᠪᠤᠯᠤᠨ ᠤᠷᠳᠤᠰ ᠤᠨ ᠲᠤᠭᠤᠢᠢᠯᠠᠩ ᠤᠨ ᠬᠦᠳᠡᠯᠬᠡᠬᠡᠨ | ᠤ ᠦᠵᠡᠰᠭᠦᠯᠡᠩ ᠤᠨ ᠤᠷᠳᠤᠨ ᠳᠤ ᠬᠦᠷᠴᠤ᠂ ᠦᠵᠡᠭᠦᠯᠭᠡ ᠪᠠᠨ ᠵᠤᠬᠢᠶᠠᠨ ᠪᠠᠶᠢᠭᠤᠯᠵᠤ ᠲᠡᠯᠬᠡᠨ ᠦᠵᠡᠬᠦᠯᠵᠤ | ᠪᠠᠶᠢᠭ᠎ᠠ ᠪᠤᠳᠠᠰ ᠤᠨ ᠪᠠᠶᠢᠳᠠᠯ᠂ ᠬᠤᠪᠢᠰᠬᠠᠯ ᠤᠨ ᠰᠤᠶᠤᠯ ᠤᠨ ᠬᠠᠮᠠᠭᠠᠯᠠᠯᠳᠠ ᠪᠤᠯᠤᠨ ᠬᠤᠪᠢᠰᠬᠠᠯ ᠤᠨ ᠵᠢᠭᠤᠯᠴᠢᠯᠠᠯ | ᠤᠨ ᠬᠦᠭᠵᠢᠯᠳᠠ ᠵᠡᠷᠬᠡ ᠪᠠᠶᠢᠳᠠᠯ ᠢ ᠨᠠᠷᠢᠨ ᠰᠤᠨᠤᠰᠴᠠᠢ᠃ ᠪᠦ᠋ ᠰᠢᠶᠤᠤ ᠯᠢᠨ᠂ ᠬᠤᠪᠢᠰᠬᠠᠯ ᠤᠨ ᠲᠡᠤᠬᠡ ᠪᠠᠨ | ᠬᠦᠨᠵᠡᠭᠡᠢ ᠠᠭᠤᠳᠠᠯᠤᠨ ᠡᠮᠬᠢᠯᠠᠵᠤ᠂ ᠪᠤᠳᠠᠳᠤ ᠪᠤᠳᠠᠰ ᠪᠤᠯᠤᠨ ᠲᠡᠤᠬᠡ ᠶᠢᠨ ᠮᠠᠲ᠋ᠧᠷᠢᠶᠠᠯ ᠢᠶᠠᠨ ᠲᠠᠰᠤᠷᠠᠯᠳᠠ ᠦᠬᠡᠢ | ᠪᠦᠷᠢᠨᠰᠢᠬᠦᠯᠵᠤ᠂ ᠡᠯᠪᠡᠭ ᠪᠠᠶᠠᠯᠢᠬ ᠬᠤᠪᠢᠰᠬᠠᠯ ᠤᠨ ᠰᠤᠶᠤᠯ ᠤᠨ ᠡᠬᠢ ᠪᠠᠶᠠᠯᠢᠬ ᠪᠤᠯᠤᠨ ᠪᠤᠬᠢᠷᠳᠤᠯ ᠦᠬᠡᠢ ᠠᠮᠢ | ᠠᠬᠤᠢ ᠶᠢᠨ ᠡᠬᠢ ᠪᠠᠶᠠᠯᠢᠬ ᠢᠶᠠᠨ ᠠᠰᠢᠬᠯᠠᠵᠤ᠂ ᠦᠪᠡᠷᠮᠢᠴᠠ ᠵᠢᠭᠤᠯᠴᠢᠯᠠᠯ ᠤᠨ ᠨᠡᠷᠡᠳᠦ ᠲᠦᠷᠤᠯ ᠲᠡᠮᠳᠡᠭ ᠢ | ᠡᠭᠦᠳᠴᠤ᠂ ᠤᠯᠠᠨ ᠲᠦᠮᠡᠨ ᠢ ᠲᠠᠶᠢᠴᠢᠯᠠᠵᠤ ᠤᠢᠢᠯᠡᠰ ᠪᠤᠰᠬᠠᠵᠤ ᠠᠵᠢᠯ ᠤᠯᠭᠤᠵᠤ᠂ ᠶᠠᠳᠠᠭᠤ ᠠᠴᠠ | ᠠᠩᠬᠢᠵᠢᠷᠠᠭᠤᠯᠵᠤ ᠴᠢᠨᠡᠭᠡᠯᠢᠭᠵᠢᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃ | ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭ᠎ᠠ ᠶᠢᠨ ᠰᠤᠶᠤᠯᠵᠢᠭᠰᠠᠨ ᠮᠠᠯᠵᠢᠬᠤ ᠡᠷᠤᠬᠡ ᠠᠯᠳᠠᠨᠪᠢᠯᠢᠭ᠌ | ᠤᠨ ᠬᠢᠨ ᠲᠡᠯᠡᠬᠡᠢ ᠳᠡᠭᠡᠷᠡᠬᠢ ᠴᠤᠷ ᠤᠨ ᠭᠠᠭᠴᠠ ᠮᠤᠩᠭᠤᠯ ᠨᠤᠮ ᠤᠨ ᠲᠠᠬᠢᠯᠭ᠎ᠠ ᠶᠢᠨ ᠤᠷᠳᠤᠨ ᠪᠠᠶᠢᠭᠤᠯᠵᠤ᠂ 3 | ᠲᠦᠮᠡ ᠭᠠᠷᠤᠢ ᠳᠡᠪᠳᠡᠷ ᠨᠤᠮ ᠪᠢᠴᠢᠭ ᠬᠠᠳᠠᠭᠠᠯᠠᠵᠤ ᠪᠠᠶᠢᠨ᠎ᠠ᠃ ᠲᠡᠬᠦᠨ ᠤ ᠵᠢᠯ ᠪᠤᠯᠭᠠᠨ ᠡᠷᠬᠢᠯᠡᠨ ᠶᠠᠪᠤᠭᠳᠠᠭᠤᠯᠵᠤ | ᠪᠠᠶᠢᠭ᠎ᠠ ᠨᠤᠮ ᠤᠨ ᠲᠠᠬᠢᠯᠭ᠎ᠠ ᠶᠢᠨ ᠠᠵᠢᠯᠯᠠᠭ᠎ᠠ ᠨᠢ ᠲᠤᠬᠠᠢ ᠶᠢᠨ ᠭᠠᠵᠠᠷ ᠤᠨ ᠦᠪᠡᠷᠮᠢᠴᠠ ᠰᠤᠶᠤᠯ ᠤᠨ ᠦᠵᠡᠮᠵᠢ | ᠪᠤᠯᠵᠤ᠂ ᠤᠷᠤᠨ ᠤ ᠲᠤᠳᠤᠨ᠎ᠠ ᠭᠠᠳᠠᠨᠠᠬᠢ ᠪᠠ ᠤᠯᠤᠰ ᠤᠨ ᠳᠤᠳᠤᠭᠠᠳᠤ ᠭᠠᠳᠠᠭᠠᠳᠤ ᠶᠢᠨ ᠵᠢᠭᠤᠯᠴᠢᠯᠠᠬᠰᠠᠳ ᠤᠨ | ᠠᠩᠬᠠᠷᠤᠯ ᠢ ᠲᠠᠳᠠᠭᠰᠠᠨ ᠪᠠᠶᠢᠨ᠎ᠠ᠃ ᠪᠦ᠋ ᠰᠢᠶᠤᠤ ᠯᠢᠨ ᠠᠯᠳᠠᠨᠪᠢᠯᠢᠭ᠌ ᠲᠠᠢ ᠲᠤᠳᠤᠨᠤ ᠪᠠᠷ ᠶᠠᠷᠢᠯᠴᠠᠵᠤ᠂ ᠲᠡᠬᠦᠨ ᠢ | ᠰᠤᠶᠤᠯ ᠤᠨ ᠡᠷᠤᠬᠡ ᠶᠢᠨ ᠤᠢᠢᠯᠡᠳᠤᠯ ᠢᠶᠠᠨ ᠦᠷᠬᠦᠯᠵᠢᠯᠠᠨ ᠪᠠᠳᠠᠷᠠᠭᠤᠯᠵᠤ᠂ ᠦᠨᠳᠤᠰᠤᠳᠠᠨ ᠤ ᠰᠤᠶᠤᠯᠵᠢᠯᠠᠭᠰᠠᠨ | ᠤᠯᠠᠮᠵᠢᠯᠠᠯ ᠬᠦᠭᠵᠢᠯᠳᠠ ᠶᠢ ᠤᠯᠠᠮ ᠰᠠᠶᠢᠨ ᠠᠬᠢᠭᠤᠯᠬᠤ ᠶᠢ ᠵᠤᠷᠢᠬᠵᠢᠭᠤᠯᠪᠠ᠃ ᠪᠦ᠋ ᠰᠢᠶᠤᠤ ᠯᠢᠨ ᠪᠠᠰᠠ | ᠮᠠᠯᠴᠢᠳ ᠲᠠᠢ ᠶᠠᠷᠢᠯᠴᠠᠵᠤ᠂ ᠮᠠᠯ ᠠᠵᠤ ᠠᠬᠤᠢ ᠪᠤᠯᠤᠨ ᠮᠠᠯᠵᠢᠬᠤ ᠤᠷᠤᠨ ᠤ ᠵᠤᠷᠯᠤᠩ ᠤᠨ ᠦᠬᠡᠷᠡᠴᠢᠯᠠᠯᠳᠠ ᠶᠢᠨ | ᠪᠠᠶᠢᠳᠠᠯ ᠢ ᠨᠠᠷᠢᠨ ᠤᠢᠢᠯᠠᠭᠠᠪᠠ᠃ | ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠪᠦ᠋ ᠰᠢᠶᠤᠤ ᠯᠢᠨ ᠪᠠᠰᠠ ᠲᠠᠪᠤᠳᠤᠭᠠᠷ ᠬᠤᠭᠤᠴᠠᠭᠠᠨ | ᠤ ᠦᠪᠤᠷ ᠮᠤᠩᠭᠤᠯ ᠤᠨ ︽ᠬᠦᠯ ᠪᠦᠮᠪᠦᠭᠡ ᠶᠢᠨ ᠰᠤᠪᠠᠬ ᠤᠨ ᠴᠠᠬᠢᠯᠭᠠᠨ ᠬᠦᠴᠦᠨ ᠬᠤᠨᠳᠠᠭᠠᠳᠤ︾ ᠨᠢᠬᠡ ᠪᠦᠰᠠ | ᠨᠢᠬᠡ ᠵᠠᠮ ᠤᠨ ᠤᠯᠠᠨ ᠤᠯᠤᠰ ᠤᠨ ᠵᠠᠯᠠᠭᠤᠴᠤᠳ ᠤᠨ ᠬᠦᠯ ᠪᠦᠮᠪᠦᠭᠡ ᠶᠢᠨ ᠵᠤᠰᠠᠯᠠᠩ ᠵᠢᠴᠢ 2019 ᠣᠨ ᠤ | ︽ᠬᠦᠯ ᠪᠦᠮᠪᠦᠭᠡ ᠶᠢᠨ ᠰᠤᠪᠠᠬ ᠤᠨ ᠨᠠᠬᠢᠶ᠎ᠠ︾ ᠨᠡᠷᠡᠮᠵᠢᠳᠦ ᠪᠦᠬᠦ ᠤᠯᠤᠰ ᠤᠨ ᠴᠡᠴᠡᠷᠯᠢᠭ ᠤᠨ ᠬᠡᠤᠬᠡᠳ ᠤᠨ ᠬᠦᠯ | ᠪᠦᠮᠪᠦᠭᠡ ᠶᠢᠨ ᠰᠤᠯᠢᠯᠴᠠᠭᠠᠨ ᠤ ᠠᠵᠢᠯᠯᠠᠭ᠎ᠠ ᠶᠢᠨ ᠡᠬᠢᠯᠡᠬᠦ ᠶᠤᠰᠤᠯᠠᠯ ᠳᠤ ᠤᠷᠤᠯᠴᠠᠪᠠ᠃ |