ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ ᠬᠤᠪᠢᠰᠬᠠᠯᠳᠦ ᠤᠯᠠᠮᠵᠢᠯᠠᠯ ᠪᠠ ᠰᠢᠯᠢᠳᠡᠭ ᠰᠤᠷᠳᠠᠯ ᠢ ᠪᠠᠳᠠᠷᠠᠭᠤᠯᠤᠨ᠎ᠠ  ᠪᠦ᠋ ᠰᠢᠶᠤᠤ ᠯᠢᠨ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠰᠢᠷᠢᠰ ᠦᠵᠡᠬᠦᠯᠭᠡ ᠶᠢ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2019/8/14
     8 ᠰᠠᠷ᠎ᠠ ᠶᠢᠨ 13᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠥᠪᠦᠷ ᠮᠤᠩᠭᠤᠯ ᠤᠨ ᠦᠵᠡᠰᠭᠦᠯᠡᠩ ᠤᠨ ᠤᠷᠳᠤᠨ ᠳᠤ ᠬᠦᠷᠴᠤ᠂ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠰᠢᠷᠢᠰ ᠦᠵᠡᠬᠦᠯᠭᠡ ᠶᠢ ᠲᠣᠭᠤᠷᠢᠨ ᠦᠵᠡᠵᠡᠢ᠃      ᠭᠤᠤᠯ ᠰᠡᠳᠦᠪᠳᠦ ᠬᠦᠮᠦᠵᠢᠯ ᠤᠨ ᠰᠢᠷᠢᠰ ᠦᠵᠡᠬᠦᠯᠭᠡ ᠳᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠨ᠎ᠠ — ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠵᠢᠯᠳᠠ ᠪᠦᠳᠦᠮᠵᠢ ᠶᠢᠨ ᠦᠵᠡᠬᠦᠯᠭᠡ︾᠎ ᠶᠢᠨ ᠠᠭᠤᠯᠭ᠎ᠠ ᠶᠢ ᠰᠢᠨᠡᠴᠢᠯᠡᠨ ᠲᠠᠬᠢᠨ ᠳᠡᠯᠭᠡᠨ ᠦᠵᠡᠬᠦᠯᠦᠭᠰᠡᠨ᠂ ︽ᠨᠠᠮ ᠤᠨ ᠭᠡᠷᠡᠯ ᠬᠢᠯᠪᠠᠭ᠎ᠠ ᠤᠮᠠᠷᠠᠳᠦ ᠬᠢᠯᠢ ᠶᠢ ᠭᠡᠶᠢᠭᠦᠯᠦᠨ᠎ᠠ — ᠥᠪᠦᠷ ᠮᠤᠩᠭᠤᠯ ᠤᠨ ᠬᠠᠭᠤᠴᠢᠨ ᠤᠬᠠᠭᠤᠯᠭ᠎ᠠ ᠶᠢᠨ ᠵᠢᠷᠤᠭ ᠬᠠᠭᠤᠴᠢᠨ ᠰᠡᠬᠦᠳᠡᠷ ᠰᠤᠷᠪᠤᠯᠵᠢ ᠪᠢᠴᠢᠭ ᠲᠡᠦᠭᠡ ᠶᠢᠨ ᠮᠠᠲ᠋ᠧᠷᠢᠶᠠᠯ ᠤᠨ ᠦᠵᠡᠬᠦᠯᠭᠡ︾ ᠪᠠ ︽ᠥᠪᠦᠷ ᠮᠤᠩᠭᠤᠯ ᠤᠨ ᠦᠨᠳᠦᠰᠦᠳᠡᠨ ᠤ ᠰᠢᠨ᠎ᠠ ᠰᠤᠶᠤᠯ ᠠᠳᠡ ᠠᠴᠠ ᠡᠬᠢᠯᠡᠪᠡ — ᠥᠪᠦᠷ ᠮᠤᠩᠭᠤᠯ ᠤᠨ ᠤᠷᠠᠨ ᠰᠠᠶᠢᠬᠠᠨ ᠤ ᠪᠦᠯᠬᠦᠮ ᠤᠨ ᠡᠷᠬᠢᠴᠡᠬᠦᠯᠦᠯ ᠤᠨ ᠦᠵᠡᠬᠦᠯᠭᠡ︾ ᠭᠤᠷᠪᠡᠨ ᠭᠡᠰᠡᠭ ᠢᠶᠠᠷ ᠪᠦᠷᠢᠯᠳᠦᠵᠦ᠂ ᠳᠡᠯᠭᠡᠨ ᠦᠵᠡᠭᠦᠯᠦᠭᠰᠡᠨ ᠪᠤᠳᠠᠰ ᠨᠢ ᠡᠯᠪᠡᠭ ᠪᠠᠶᠠᠯᠢᠭ᠂ ᠠᠭᠤᠯᠭ᠎ᠠ ᠨᠢ ᠨᠠᠷᠢᠨ ᠪᠤᠳᠠᠳᠠᠢ ᠪᠠᠶᠢᠯ᠎ᠠ᠃ ᠪᠦ᠋ ᠰᠢᠶᠤᠤ ᠯᠢᠨ ᠬᠦᠷᠦᠭᠰᠡᠨ ᠭᠠᠵᠠᠷ ᠪᠤᠯᠭᠠᠨ ᠤ ᠳᠡᠯᠭᠡᠨ ᠦᠵᠡᠬᠦᠯᠦᠭᠰᠡᠨ ᠲᠡᠦᠬᠡᠨ ᠭᠡᠷᠡᠯ ᠵᠢᠷᠤᠭ᠂ ᠤᠬᠠᠭᠤᠯᠭ᠎ᠠ ᠶᠢᠨ ᠵᠢᠷᠤᠭ ᠵᠢᠴᠢ ᠰᠤᠷᠪᠤᠯᠵᠢ ᠪᠢᠴᠢᠭ ᠲᠡᠦᠭᠡ ᠶᠢᠨ ᠮᠠᠲ᠋ᠧᠷᠢᠶᠠᠯ ᠢ ᠨᠠᠷᠢᠨ ᠦᠵᠡᠵᠦ᠂ ᠲᠠᠶᠢᠯᠪᠤᠷᠢᠯᠠᠭᠴᠢ ᠶᠢᠨ ᠶᠠᠷᠢᠬᠤ ᠶᠢ ᠨᠠᠷᠢᠨ ᠬᠢᠨᠠᠮᠠᠭᠠᠢ ᠰᠤᠨᠤᠰᠴᠦ᠂ ᠳᠡᠯᠭᠡᠨ ᠦᠵᠡᠬᠦᠯᠦᠭᠰᠡᠨ ᠪᠤᠳᠠᠰ ᠤᠨ ᠠᠷᠤ ᠳᠠᠬᠢ ᠦᠯᠢᠭᠡᠷ ᠢ ᠤᠢᠢᠯᠠᠭᠠᠬᠤ ᠶᠢᠨ ᠬᠠᠮᠳᠦ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠲᠠᠢ ᠪᠠᠶᠢᠨ ᠪᠠᠶᠢᠨ ᠰᠠᠨᠠᠯ ᠢᠶᠠᠨ ᠰᠤᠯᠢᠯᠴᠠᠵᠦ ᠪᠠᠶᠢᠯ᠎ᠠ᠃ ᠲᠡᠷᠡ᠂ ᠭᠤᠤᠯ ᠰᠡᠳᠦᠪᠳᠦ ᠬᠦᠮᠦᠵᠢᠯ ᠤᠨ ᠭᠡᠯᠪᠡᠷᠢ ᠶᠢ ᠪᠠᠶᠠᠯᠢᠭᠵᠢᠭᠤᠯᠵᠤ᠂ ︽ᠤᠬ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠬᠦᠨᠵᠡᠭᠡᠢ ᠦᠷᠨᠢᠬᠦᠯᠬᠦ ᠶᠢ ᠠᠬᠢᠭᠤᠯᠤᠨ᠂ ᠺᠠᠳ᠋ᠷ ᠤᠯᠠᠨ ᠲᠦᠮᠡᠨ ᠢ ᠬᠦᠳᠦᠯᠦᠨ ᠳᠠᠭᠠᠭᠤᠯᠵᠤ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯᠳᠦ ᠤᠯᠠᠮᠵᠢᠯᠠᠯ ᠪᠠ ᠰᠢᠯᠢᠳᠡᠭ ᠰᠤᠷᠳᠠᠯ ᠢ ᠪᠠᠳᠠᠷᠠᠭᠤᠯᠤᠨ᠂ ᠤᠬ ᠰᠠᠨᠠᠭ᠎ᠠ ᠪᠠᠨ ᠰᠠᠬᠢᠵᠦ᠂ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠨ᠂ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠦᠨ᠂ ᠤᠬᠠᠮᠰᠠᠷ ᠠᠴᠠ ᠪᠠᠨ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠠᠵᠢᠯᠯᠠᠭᠠᠨ ᠤ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠲᠠᠢ ᠪᠠᠶᠢᠬᠤ ᠶᠢ ᠪᠠᠳᠤᠯᠠᠵᠤ᠂ ᠰᠢᠨ᠎ᠠ ᠴᠠᠭ ᠦᠶ᠎ᠠ ᠶᠢᠨ ᠨᠠᠮ ᠤᠨ ᠲᠡᠦᠭᠡᠳᠦ ᠬᠠᠷᠢᠭᠤᠴᠠᠯᠭ᠎ᠠ ᠶᠢ ᠪᠡᠶᠡᠯᠡᠬᠦᠯᠬᠦ ᠶᠢᠨ ᠲᠦᠯᠦᠭᠡ ᠴᠢᠷᠮᠠᠶᠢᠨ ᠲᠡᠮᠡᠴᠡᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠤᠢᠢᠯᠠᠭᠠᠭᠰᠠᠨ ᠢᠶᠠᠷ᠂ ᠲᠤᠰ ᠤᠳᠠᠭᠠᠨ ᠤ ᠭᠤᠤᠯ ᠰᠡᠳᠦᠪᠳᠦ ᠬᠦᠮᠦᠵᠢᠯ ᠤᠨ ᠦᠵᠡᠬᠦᠯᠭᠡ ᠨᠢ 9 ᠰᠠᠷ᠎ᠠ ᠶᠢᠨ 30᠎ ᠤ ᠡᠳᠦᠷ ᠪᠤᠯᠳᠠᠯ᠎ᠠ ᠥᠷᠭᠦᠯᠵᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号