ᠣᠷᠳᠣᠰ ᠬᠤᠲᠠ ᠪᠥᠬᠦ ᠤᠯᠤᠰ ᠤᠨ ᠬᠤᠲᠠ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠬᠤ ᠲᠤᠷᠰᠢᠯᠲᠠ ᠶᠢᠨ ᠬᠤᠲᠠ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2019/8/14
     8 ᠳ᠋ᠤᠭᠠᠷ ᠰᠠᠷ᠎ᠠ ᠶᠢᠨ 13᠎ ᠤ ᠡᠳᠦᠷ᠂ ᠪᠥᠬᠦ ᠤᠯᠤᠰ ᠤᠨ ᠬᠤᠲᠠ ᠶᠢᠨ ᠡᠮ ᠡᠮᠨᠡᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠶᠢᠨ ᠨᠡᠷᠡᠰ ᠢ ᠨᠡᠶᠢᠲᠡᠯᠡᠵᠦ᠂ ᠪᠥᠬᠦ ᠤᠯᠤᠰ ᠤᠨ 118 ᠬᠤᠲᠠ ᠶᠢᠨ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠬᠤ ᠲᠤᠷᠰᠢᠯᠲᠠ ᠶᠢᠨ ᠬᠤᠲᠠ ᠶᠢ ᠲᠣᠭᠲᠠᠭᠠᠪᠠ᠃ ᠣᠷᠳᠣᠰ ᠬᠤᠲᠠ ᠥᠩᠭᠡ ᠭᠡᠷᠡᠯ ᠲᠠᠢ ᠪᠠᠷ ᠵᠢᠭᠰᠠᠭᠠᠯᠲᠠ ᠳᠤ ᠲᠣᠳᠣᠷᠠᠵᠤ᠂ ᠥᠪᠥᠷ ᠮᠣᠩᠭᠤᠯ ᠤᠨ ᠭᠤᠷᠪᠠᠭ᠋ᠠᠨ ᠠᠶᠢᠮᠠᠭ ᠬᠤᠲᠠ ᠵᠢᠭᠰᠠᠭᠠᠯᠲᠠ ᠳᠤ ᠲᠣᠳᠣᠷᠠᠵᠠᠢ᠃      ᠣᠶᠢᠷ᠎ᠠ ᠶᠢᠨ ᠵᠢᠯ ᠳᠤ᠂ ᠣᠷᠳᠣᠰ ᠬᠤᠲᠠ ᠵᠣᠷᠢᠭᠲᠠᠶ ᠪᠠᠷ ᠲᠤᠷᠰᠢᠨ ᠢᠳᠡᠪᠬᠢᠲᠡᠢ ᠰᠥᠪᠡᠭᠴᠢᠯᠡᠵᠦ᠂ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠪᠠ᠃ ᠡᠮ ᠡᠮᠨᠡᠯᠭᠡ ᠶᠢᠨ ᠳᠠᠭᠠᠳᠬᠠᠯ ᠤᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠠᠵᠢᠯ ᠢ ᠡᠬᠢᠯᠡᠭᠦᠯᠵᠦ᠂ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠣᠵᠢ ᠠᠯᠤᠰᠯᠠᠨ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠴᠣᠩᠬᠤᠪᠴᠢ ᠭᠠᠷᠭᠠᠵᠤ᠂ ᠳ᠋ᠦᠩᠨᠡᠨ ᠪᠤᠳᠤᠬᠤ ᠰᠦᠯᠵᠢᠶ᠎ᠡ ᠶᠢ ᠨᠡᠪᠲᠡᠷᠡᠭᠦᠯᠪᠡ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠷᠠᠬᠢ ᠡᠮᠴᠢ ᠨᠡᠷ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠎ ᠳᠤ ᠰᠠᠭᠤᠵᠤ ᠡᠮᠴᠢᠯᠡᠭᠡ ᠬᠢᠵᠦ᠂ ᠴᠢᠨᠠᠷ ᠰᠠᠶᠢᠲᠠᠶ ᠡᠮᠴᠢᠯᠡᠭᠡᠨ ᠤ ᠦᠶᠯᠡᠴᠢᠯᠡᠭᠡ ᠶᠢ ᠤᠷᠲᠤᠳᠬᠠᠨ ᠥᠷᠭᠡᠳᠬᠡᠪᠡ᠃ ᠣᠷᠣᠨ ᠪᠦᠰᠡ ᠠᠯᠤᠰᠯᠠᠭᠰᠠᠨ ᠲᠤᠰᠬᠠᠶ ᠰᠠᠯᠠᠭᠠᠨ ᠤ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠠᠬᠢᠭᠤᠯᠤᠨ᠂ ᠣᠷᠳᠣᠰ ᠬᠤᠲᠠ ᠶᠢᠨ ᠲᠤᠰᠬᠠᠶ ᠰᠠᠯᠠᠭᠠᠨ ᠎ ᠤ ᠡᠮᠴᠢᠯᠡᠭᠡᠨ ᠤ ᠲᠠᠯ᠎ᠠ ᠶᠢᠨ ᠬᠦᠷᠦᠯᠴᠡᠬᠦ ᠥᠬᠡᠶ ᠲᠠᠯ᠎ᠠ ᠶᠢ ᠨᠥᠬᠦᠪᠥᠷᠢᠯᠡᠪᠡ᠃ ᠡᠮᠴᠢᠯᠡᠭᠡ ᠨᠠᠰᠤᠵᠢᠯ ᠢ ᠤᠶᠠᠯᠳᠤᠭᠤᠯᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠨᠠᠰᠤᠵᠢᠯ ᠤᠨ ᠪᠠᠶᠢᠭᠤᠯᠤᠮᠵᠢ ᠶᠢᠨ ᠳᠣᠲᠣᠭᠠᠳᠤ ᠳᠤ ᠡᠮᠴᠢᠯᠡᠭᠡᠨ ᠤ ᠪᠠᠶᠢᠭᠤᠯᠤᠮᠵᠢ ᠲᠣᠬᠢᠷᠠᠭᠤᠯᠬᠤ᠂ ᠨᠠᠰᠤᠵᠢᠯ ᠤᠨ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠬᠠᠮᠲᠤᠷᠠᠯᠴᠠᠬᠤ᠂ ᠡᠮᠴᠢᠯᠡᠭᠡᠨ ᠤ ᠪᠠᠶᠢᠭᠤᠯᠤᠮᠵᠢ ᠨᠠᠰᠤᠵᠢᠯ ᠤᠨ ᠦᠶᠯᠡᠴᠢᠯᠡᠭᠡ ᠥᠷᠨᠢᠭᠦᠯᠬᠦ᠂ ᠨᠡᠶᠢᠭᠡᠮ ᠲᠣᠭᠤᠷᠢᠭ ᠎ ᠤᠨ ᠭᠡᠷ ᠪᠦᠯᠢ ᠶᠢᠨ ᠨᠠᠰᠤᠵᠢᠯ ᠤᠨ ᠡᠮᠴᠢᠯᠡᠭᠡᠨ ᠤ ᠦᠶᠯᠡᠴᠢᠯᠡᠭᠡ ᠥᠷᠨᠢᠭᠦᠯᠬᠦ᠂ ᠨᠡᠭᠦᠳᠡᠯ ᠤᠨ ᠰᠢᠪᠠᠭᠤ ᠶᠢᠨ ᠵᠢᠭᠤᠯᠴᠢᠯᠠᠬᠤ ᠮᠠᠶ᠋ᠢᠭ ᠤᠨ ᠡᠷᠡᠭᠦᠯᠵᠢᠯ ᠨᠠᠰᠤᠵᠢᠯ ᠭᠡᠬᠦ ᠮᠡᠲᠦ 5 ᠵᠦᠶᠯ ᠤᠨ ᠵᠠᠭᠪᠤᠷ ᠢ ᠠᠪᠴᠤ ᠡᠮᠴᠢᠯᠡᠭᠡ ᠨᠠᠰᠤᠵᠢᠯ ᠤᠨ ᠤᠶᠠᠯᠳᠤᠯ ᠤᠨ ᠬᠠᠮᠤᠷᠬᠤ ᠬᠡᠪᠴᠢᠶ᠎ᠡ ᠶᠢ ᠥᠷᠭᠡᠳᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号