︵2019 ᠣᠨ ᠤ 8 ᠰᠠᠷ᠎ᠠ ᠶᠢᠨ 15 ᠤ ᠡᠲᠦᠷ ᠲᠤᠮᠲᠠᠲᠤ ᠤᠯᠤᠰ ᠤᠨ ᠡᠪ ᠬᠠᠮᠲᠤ ᠨᠠᠮ ᠤᠨ ᠦᠪᠦᠷ | ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠥᠬᠦᠳᠡ | ᠬᠤᠷᠠᠯ ᠠᠴᠠ ᠪᠠᠲᠤᠯᠠᠪᠠ︶ | | | | 8 ᠰᠠᠷ᠎ᠠ ᠶᠢᠨ 15 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠵᠢᠢ ᠾᠧᠩ ᠳᠤᠮᠳᠠᠳᠤ | ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ | ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ ᠲᠡᠭᠡᠷ᠎ᠡ ᠶᠠᠷᠢᠶ᠎ᠠ ᠲᠠᠯᠪᠢᠪᠠ᠃ | | | | 8 ᠰᠠᠷ᠎ᠠ ᠶᠢᠨ 15 ᠤ ᠡᠳᠤᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ | ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠡᠯ᠎ᠡ ᠵᠦᠢᠯ ᠤᠨ ᠰᠢᠢᠳᠪᠦᠷᠢ ᠶᠢ ᠪᠠᠲᠤᠯᠠᠪᠠ᠃ | | | ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ 2019 ᠣᠨ ᠤ 8 ᠰᠠᠷ᠎ᠠ ᠶᠢᠨ 15 | ᠤ ᠡᠳᠤᠷ ᠬᠦᠬᠡᠬᠤᠳᠠ ᠳᠤ ᠬᠤᠷᠠᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠡᠰᠢᠭᠦᠨ 77 ᠬᠦᠮᠦᠨ᠂ ᠤᠷᠤᠯᠠᠬᠴᠢ ᠬᠡᠰᠢᠭᠦᠨ | 7 ᠬᠦᠮᠦᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ ᠨᠦᠬᠦᠳ᠂ | ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠡᠰᠢᠭᠦᠳ᠂ ᠬᠠᠮᠢᠶ᠎ᠠ ᠪᠦᠬᠦᠢ ᠲᠠᠯ᠎ᠠ ᠶᠢᠨ | ᠬᠠᠷᠢᠭᠤᠴᠠᠯᠭᠠᠳᠠᠨ ᠨᠦᠬᠦᠳ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠳᠤᠨ ᠤ ᠲᠦᠯᠦᠭᠡᠯᠡᠭᠴᠢ ᠬᠤᠷᠠᠯ ᠳᠤ ᠰᠤᠯᠠ | ᠤᠷᠤᠯᠴᠠᠪᠠ᠃ | ᠪᠦᠬᠦᠳᠡ ᠬᠤᠷᠠᠯ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠧᠩ ᠶᠠᠷᠢᠶ᠎ᠠ | ᠲᠠᠯᠪᠢᠵᠠᠢ᠃ | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ | ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ | ᠰᠤᠷᠤᠯᠴᠠᠨ ᠲᠤᠭᠤᠰᠢᠯᠠᠭᠤᠯᠵᠦ᠂ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠵᠦ᠂ ︽ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ | ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠲᠤᠬᠠᠢ ᠦᠪᠦᠷ | ᠮᠤᠩᠭᠤᠯ ᠤᠨ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠤᠬᠲᠠᠭᠠᠯ︾ ᠢ ᠬᠢᠨᠠᠨ ᠵᠦᠪᠯᠡᠵᠦ | ᠪᠠᠲᠤᠯᠠᠪᠠ᠃ | ᠪᠦᠬᠦᠲᠡ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠤᠨ ᠠᠵᠢᠯ ᠢ ᠢᠮᠠᠬᠲᠠ | ᠲᠡᠭᠡᠲᠦ ᠬᠡᠮᠵᠢᠶ᠎ᠡ ᠪᠠᠷ ᠬᠦᠨᠳᠦᠳᠭᠡᠵᠦ᠂ ᠪᠦᠬᠦ ᠤᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ | ᠢᠮᠠᠬᠲᠠ ᠰᠡᠳᠬᠢᠯ ᠵᠢᠷᠦᠬᠡᠨ ᠳᠡᠭᠡᠨ ᠪᠤᠳᠤᠵᠦ ᠪᠠᠶᠢᠨ᠎ᠠ᠃ ᠰᠢᠨ᠎ᠡ ᠲᠤᠮᠲᠠᠲᠤ ᠤᠯᠤᠰ ᠪᠠᠶᠢᠭᠤᠯᠤᠬᠲᠠᠬᠰᠠᠨ 70 ᠵᠢᠯ | ᠤᠨ ᠤᠢ ᠶᠢ ᠪᠠᠶᠠᠷᠯᠠᠨ ᠤᠬᠲᠣᠵᠣ ᠪᠠᠶᠢᠭ᠎ᠠ ᠪᠠᠶᠠᠷᠳᠣ ᠵᠢᠯ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠠᠩᠬᠢᠯᠠᠭ᠎ᠠ ᠶᠢᠨ ᠣᠨ ᠳᠤ᠂ ᠪᠦᠬᠦ ᠨᠠᠮ ᠳᠤ ︽ᠤᠬ ᠰᠠᠨᠠᠭ᠎ᠠ ᠪᠠᠨ | ᠦᠯᠦ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠢ ᠬᠦᠨᠵᠡᠭᠡᠢ | ᠦᠷᠨᠢᠭᠦᠯᠵᠦ ᠪᠠᠶᠢᠭ᠎ᠠ ᠴᠢᠬᠤᠯᠠ ᠴᠠᠭ ᠮᠦᠴᠡ ᠳᠤ᠂ ᠶᠡᠷᠦᠩᠬᠡᠢ ᠱᠦᠵᠢ ᠰᠢ ᠶᠢᠨ ᠫᠢᠩ ᠮᠠᠨ ᠤ ᠤᠷᠤᠨ ᠳᠤ | ᠮᠣᠷᠢᠯᠠᠨ ᠰᠠᠭᠠᠳᠠᠵᠤ ᠰᠢᠨᠵᠢᠯᠡᠨ ᠪᠠᠶᠢᠴᠠᠭᠠᠵᠦ ᠵᠢᠭᠠᠨ ᠵᠢᠯᠤᠭᠤᠳᠬᠤ ᠶᠢᠨ ᠬᠠᠮᠲᠦ ᠴᠢᠬᠤᠯᠠ ᠶᠠᠷᠢᠶ᠎ᠠ ᠲᠠᠯᠪᠢᠪᠠ᠂ | ᠡᠨᠡ ᠨᠢ ᠦᠪᠦᠷ ᠮᠤᠩᠭᠤᠯ ᠤᠨ ᠬᠦᠭᠵᠢᠯᠲᠡ ᠶᠢᠨ ᠲᠡᠦᠬᠡᠨ ᠲᠡᠭᠡᠷ᠎ᠡ ᠬᠦᠰᠢᠶ᠎ᠡ ᠲᠤᠷᠠᠰᠬᠠᠯ ᠤᠨ ᠠᠴᠢ | ᠬᠤᠯᠪᠤᠬᠲᠠᠯ ᠲᠠᠢ ᠶᠤᠮ᠃ ᠪᠦᠬᠦ ᠤᠷᠤᠨ ᠲᠠᠶᠠᠭᠠᠷ ︽ᠲᠦᠷᠪᠡᠨ ᠤᠬᠠᠮᠰᠠᠷ︾ ᠢᠶᠠᠨ ᠴᠢᠩᠭᠠᠳᠬᠠᠵᠦ᠂ | ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠢ ᠱᠦᠵᠢ | ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠰᠠᠨ ᠴᠢᠬᠤᠯᠠ ᠠᠴᠢ ᠬᠤᠯᠪᠤᠬᠲᠠᠯ ᠢ ᠬᠦᠢᠴᠡᠳ | ᠲᠠᠨᠢᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠠᠬᠢ ᠬᠦᠨ ᠵᠤᠵᠠᠭᠠᠨ ᠬᠠᠶᠢᠷ᠎ᠠ ᠬᠠᠯᠠᠮᠵᠢ ᠶᠢ | ᠦᠨᠡᠨ ᠰᠡᠳᠬᠢᠯ ᠠᠴᠠ ᠪᠠᠨ ᠮᠡᠳᠡᠷᠡᠵᠦ᠂ ᠦᠨᠡᠨᠴᠢ ᠰᠢᠳᠤᠷᠭᠤ ᠪᠠᠷ ᠬᠠᠮᠠᠭᠠᠯᠠᠬᠤ ᠰᠡᠳᠬᠢᠯᠭᠡ ᠶᠢᠨ ᠰᠠᠭᠤᠷᠢ ᠪᠠ | ᠠᠴᠢ ᠶᠢ ᠨᠢ ᠬᠠᠷᠢᠭᠤᠯᠣᠨ ᠡᠷᠡᠯᠬᠡᠭᠯᠡᠨ ᠣᠷᠣᠭᠰᠢᠯᠠᠬᠤ ᠬᠦᠴᠦᠨ ᠴᠢᠳᠠᠯ ᠤᠨ ᠡᠬᠢ ᠰᠤᠷᠪᠤᠯᠵᠢ ᠶᠢ ᠬᠦᠨᠵᠡᠬᠡᠢ | ᠰᠠᠶᠢᠳᠣᠷ ᠪᠤᠶᠢᠵᠢᠭᠤᠯᠬᠤ ᠬᠡᠷᠡᠭᠲᠡᠢ ᠬᠡᠵᠦ ᠵᠢᠭᠠᠵᠦ ᠭᠠᠷᠭᠠᠪᠠ᠃ | ᠪᠦᠬᠦᠲᠡ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠦᠵᠡᠯ ᠰᠠᠨᠠᠭ᠎ᠠ ᠨᠢ ᠬᠦᠨ ᠬᠦᠨᠵᠡᠭᠡᠢ᠂ ᠠᠭᠤᠯᠤᠬᠲᠠᠬᠤᠨ ᠨᠢ | ᠡᠯᠪᠡᠭ ᠪᠠᠶᠠᠯᠢᠭ ᠪᠠᠶᠢᠵᠣ᠂ ᠦᠪᠡᠷᠲᠡᠭᠡᠨ ᠵᠠᠰᠠᠬᠤ ᠤᠷᠤᠨ ᠤ ᠪᠦᠬᠦ ᠲᠠᠯ᠎ᠠ ᠪᠤᠯᠤᠨ ᠠᠯᠤᠰ ᠬᠡᠲᠦ ᠶᠢᠨ | ᠬᠦᠭᠵᠢᠯᠲᠡ ᠲᠠᠢ ᠬᠤᠯᠪᠤᠬᠲᠠᠬᠤ ᠴᠢᠬᠤᠯᠠ ᠠᠰᠠᠭᠤᠲᠠᠯ ᠢ ᠬᠦᠨᠵᠡᠭᠡᠢ ᠲᠤᠲᠤᠷᠬᠠᠢᠢᠯᠠᠨ ᠦᠭᠦᠯᠡᠵᠦ᠂ ᠡᠭᠦᠨ ᠠᠴᠠ | ᠡᠮᠦᠨᠡᠬᠢ ᠦᠪᠦᠷ ᠮᠤᠩᠭᠤᠯ ᠳᠠᠬᠢ ᠴᠢᠬᠤᠯᠠ ᠵᠢᠭᠠᠪᠤᠷᠢ ᠱᠠᠭᠠᠷᠲᠠᠯᠭ᠎ᠠ ᠲᠠᠢ ᠪᠠᠨ ᠰᠠᠨᠠᠭ᠎ᠠ ᠨᠢᠭᠡᠳᠡᠢ ᠪᠣᠯᠵᠣ᠂ | ᠤᠳᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠦᠵᠦ ᠲᠦᠯᠦᠪᠯᠡᠭᠡ ᠪᠠ ᠠᠵᠢᠯᠯᠠᠭᠠᠨ ᠤ | ᠬᠦᠲᠦᠯᠪᠦᠷᠢ ᠶᠢ ᠬᠠᠮᠲᠦ ᠪᠠᠷ ᠪᠦᠷᠢᠯᠲᠦᠭᠦᠯᠵᠦ᠂ ᠰᠢᠨ᠎ᠡ ᠴᠠᠬ ᠦᠶ᠎ᠡ ᠶᠢᠨ ᠦᠪᠦᠷ ᠮᠤᠩᠭᠤᠯ ᠤᠨ ᠠᠵᠢᠯ ᠢ | ᠰᠠᠶᠢᠲᠦᠷ ᠬᠢᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠦᠮᠯᠠᠯ ᠬᠠᠩᠭᠠᠵᠠᠢ᠃ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠨᠢ᠂ | ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ | ᠡᠭᠦᠷᠭᠡ ᠪᠣᠯᠣᠨ᠎ᠠ᠃ ᠥᠷᠭᠡᠨ ᠢᠶᠠᠷ ᠪᠦᠷᠬᠦᠭᠦᠯᠬᠦ ᠳᠡᠭᠡᠷ᠎ᠡ ᠬᠦᠴᠦ ᠣᠷᠣᠭᠤᠯᠵᠣ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠣᠯᠠᠨ ᠲᠦᠮᠡᠨ ᠳᠤ ᠬᠠᠨᠳᠤᠭᠤᠯᠤᠨ᠂ ᠰᠤᠷᠤᠯᠴᠠᠵᠣ ᠰᠤᠳᠤᠯᠤᠨ ᠶᠠᠷᠢᠯᠴᠠᠬᠤ᠂ ᠪᠤᠯᠪᠠᠰᠤᠷᠠᠭᠤᠯᠵᠣ | ᠡᠭᠡᠯᠵᠢᠯᠡᠨ ᠪᠤᠯᠪᠠᠰᠤᠷᠠᠭᠤᠯᠬᠤ᠂ ᠤᠬᠠᠭᠤᠯᠵᠣ ᠣᠬᠠᠭᠤᠯᠣᠨ ᠲᠠᠶᠢᠯᠪᠤᠷᠢᠯᠠᠬᠤ᠂ ᠰᠤᠳᠤᠯᠵᠣ ᠲᠠᠶᠢᠯᠪᠤᠷᠢᠯᠠᠨ ᠦᠭᠦᠯᠡᠬᠦ | ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠤᠯᠴᠠᠨ ᠲᠤᠭᠤᠰᠢᠯᠠᠭᠤᠯᠬᠤ ᠠᠵᠢᠯ ᠲᠠᠰᠤᠷᠠᠯᠲᠠ ᠦᠭᠡᠢ | ᠭᠦᠨᠵᠡᠭᠡᠶᠢᠷᠡᠬᠦ᠂ ᠬᠠᠳᠠᠩᠰᠢᠬᠤ᠂ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃ ᠪᠦᠬᠦ ᠲᠠᠯ᠎ᠠ ᠪᠠᠷ ᠵᠥᠪ ᠣᠨᠣᠪᠴᠢᠲᠠᠶ | ᠪᠠᠶᠢᠬᠤ ᠳᠡᠭᠡᠷ᠎ᠡ ᠬᠦᠴᠦ ᠣᠷᠣᠭᠤᠯᠵᠣ᠂ ᠤᠭ ᠪᠦᠲᠦᠭᠡᠯ ᠢ ᠨᠢ ᠤᠩᠰᠢᠵᠤ᠂ ᠤᠭ ᠵᠣᠬᠢᠶᠠᠯ ᠢ ᠨᠢ ᠰᠤᠷᠤᠯᠴᠠᠨ᠂ | ᠤᠭ ᠶᠣᠰᠣ ᠶᠢ ᠨᠢ ᠣᠶᠢᠯᠠᠭᠠᠵᠤ᠂ ᠶᠠᠷᠢᠶ᠎ᠠ ᠶᠢᠨ ᠦᠵᠡᠯ ᠰᠠᠨᠠᠭ᠎ᠠ ᠠᠭᠤᠯᠤᠭᠳᠠᠬᠤᠨ᠂ ᠭᠤᠤᠯ ᠤᠳᠬ᠎ᠠ ᠰᠠᠨᠠᠭ᠎ᠠ᠂ | ᠦᠢᠯᠡᠳᠦᠯᠭᠡ ᠶᠢᠨ ᠱᠠᠭᠠᠷᠳᠠᠯᠭ᠎ᠠ ᠶᠢ ᠨᠢ ᠭᠦᠨᠵᠡᠭᠡᠶ ᠣᠶᠢᠯᠠᠭᠠᠨ ᠡᠵᠡᠮᠰᠢᠵᠦ᠂ ᠰᠠᠶᠢᠲᠦᠷ ᠤᠢᠢᠯᠠᠭᠠᠵᠦ ᠲᠤᠭᠤᠷᠠᠲᠠᠯ᠎ᠠ | ᠮᠡᠲᠡᠵᠦ᠂ ᠬᠦᠨᠵᠡᠭᠡᠢ ᠰᠤᠷᠤᠯᠴᠠᠨ ᠨᠡᠪᠲᠡᠷᠡᠲᠡᠯ᠎ᠡ ᠤᠢᠢᠯᠠᠭᠠᠬᠤ ᠬᠡᠷᠡᠭᠲᠡᠶ᠃ ᠪᠠᠲᠤ ᠢᠲᠡᠭᠡᠵᠦ ᠪᠠᠲᠤᠳᠠᠢ ᠬᠡᠷᠡᠭᠵᠢᠭᠦᠯᠬᠦ | ᠳᠡᠭᠡᠷ᠎ᠡ ᠬᠦᠴᠦ ᠣᠷᠣᠭᠤᠯᠵᠣ᠂ ᠠᠬᠤᠶ ᠪᠠᠶᠢᠳᠠᠯ᠂ ᠬᠠᠶᠢᠷ᠎ᠠ ᠰᠡᠳᠬᠢᠯᠭᠡ᠂ ᠣᠶᠢᠯᠠᠭᠠᠭᠳᠠᠬᠤᠨ᠂ ᠬᠠᠷᠠᠴᠠ᠂ | ᠪᠠᠶᠢᠷᠢᠰᠢᠯ ᠵᠡᠷᠭᠡ ᠪᠠᠨ ᠶᠠᠷᠢᠶ᠎ᠠ ᠶᠢᠨ ᠵᠣᠷᠢᠭ ᠰᠠᠨᠠᠭ᠎ᠠ ᠪᠠᠷ ᠵᠡᠪᠰᠡᠭᠯᠡᠨ ᠬᠥᠳᠤᠯᠦᠨ ᠳᠠᠭᠠᠭᠤᠯᠵᠤ᠂ ᠰᠡᠳᠬᠢᠴᠡ ᠠᠷᠭ᠎ᠠ | ᠬᠡᠮᠵᠢᠶ᠎ᠡ᠂ ᠬᠠᠷᠠᠯᠲᠠ ᠡᠭᠦᠷᠭᠡ᠂ ᠠᠷᠭ᠎ᠠ ᠬᠡᠯᠪᠡᠷᠢ ᠵᠡᠷᠭᠡ ᠲᠠᠯ᠎ᠠ ᠪᠠᠷ ᠶᠠᠷᠢᠶ᠎ᠠ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠨ | ᠬᠠᠷᠭᠤᠭᠤᠯᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠲᠡᠭᠡᠷ᠎ᠡ ᠪᠠᠨ ᠢᠮᠠᠭᠲᠠ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠨᠢᠭᠡᠳᠦᠯᠲᠡᠶ ᠪᠠᠶᠢᠬᠤ | ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠷᠤᠭᠯᠠᠨ ᠦᠭᠭᠦᠭᠰᠡᠨ ᠵᠢᠷᠤᠭ | ᠲᠥᠯᠥᠪᠯᠡᠭᠡ ᠶᠡᠷᠦᠩᠬᠡᠢ ᠬᠦᠲᠦᠯᠪᠦᠷᠢ ᠶᠢ ᠨᠡᠪᠲᠡᠷᠡᠳᠡᠯ᠎ᠡ ᠤᠢᠢᠯᠠᠭᠠᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢ | ᠰᠠᠭᠤᠷᠢ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠲᠠᠭᠠᠯᠲᠠ᠂ ᠲᠡᠮᠡᠴᠡᠬᠦ ᠬᠠᠷᠠᠯᠲᠠ᠂ ᠬᠥᠭᠵᠢᠯᠲᠡ ᠶᠢᠨ ᠵᠠᠮ | ᠱᠣᠭᠤᠮ᠂ ᠭᠤᠤᠯᠳᠠᠯᠭ᠎ᠠ ᠲᠠᠢ ᠡᠭᠦᠷᠭᠡ ᠪᠣᠯᠤᠨ ᠨᠠᠮ ᠢ ᠬᠠᠮᠢᠶᠠᠷᠴᠤ ᠨᠠᠮ ᠢ ᠵᠠᠰᠠᠬᠤ᠂ ᠣᠶᠤᠨ ᠰᠠᠨᠠᠭᠠᠨ ᠤ | ᠳᠦᠷᠰᠦ ᠪᠠᠶᠢᠳᠠᠯ ᠵᠡᠷᠭᠡ ᠶᠢᠨ ᠳᠣᠬᠠᠢ ᠴᠢᠬᠤᠯᠠ ᠥᠭᠦᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ | ᠰᠤᠷᠤᠯᠴᠠᠯᠭ᠎ᠠ ᠬᠥᠮᠦᠵᠢᠯ ᠤᠨ ᠰᠢᠰᠲ᠋ᠧᠮᠲᠦ ᠴᠢᠨᠠᠷ ᠢᠶᠠᠨ ᠴᠢᠩᠭᠠᠷᠠᠭᠤᠯᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠦᠴᠦᠯᠡᠬᠦ ᠴᠡᠭ ᠢᠶᠠᠨ ᠤᠨᠤᠪᠴᠢᠲᠠᠢ ᠡᠷᠢᠵᠦ᠂ ᠯᠠᠪᠳᠠᠭᠤᠨ ᠪᠠᠲᠤᠲᠠᠶ ᠠᠵᠢᠯᠯᠠᠵᠤ᠂ | ᠰᠢᠷᠭᠠᠭᠤ ᠪᠦᠭᠡᠳ ᠪᠣᠳᠠᠲᠠᠶ ᠠᠵᠢᠯᠯᠠᠵᠤ᠂ ᠪᠦᠬᠦ ᠬᠦᠴᠦᠨ ᠢᠶᠠᠷ ᠢᠶᠠᠨ ᠥᠪᠥᠷ ᠮᠣᠩᠭᠤᠯ ᠤᠨ ᠤᠴᠢᠷ ᠶᠠᠪᠤᠳᠠᠯ | ᠢᠶᠠᠨ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ | ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠶᠢᠨ ᠵᠤᠷᠢᠭ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠤᠷᠳᠤ ᠬᠤᠭᠤᠴᠠᠭᠠᠨ ᠤ ᠶᠡᠭᠡ ᠬᠠᠨᠳᠤᠰᠢ ᠠᠴᠠ ᠤᠳᠤᠬᠠᠨ ᠤ ᠪᠠᠶᠢᠳᠠᠯ ᠢ | ᠲᠠᠨᠢᠵᠤ᠂ ᠭᠦᠭᠵᠢᠯᠳᠠ ᠶᠢᠨ ᠱᠠᠳᠤ ᠪᠠ ᠪᠠᠶᠢᠳᠠᠯ ᠤᠨ ᠬᠤᠪᠢᠷᠠᠯᠳᠠ ᠶᠢ ᠭᠦᠨᠵᠡᠭᠡᠢ ᠬᠢᠨᠠᠨ ᠠᠵᠢᠭᠯᠠᠵᠣ᠂ ᠴᠢᠨᠠᠷ | ᠰᠠᠶᠢᠳᠠᠢ ᠭᠦᠭᠵᠢᠯᠳᠠ ᠶᠢ ᠠᠬᠢᠭᠤᠯᠬᠤ ᠳᠤ ᠪᠦᠬᠦ ᠲᠠᠯ᠎ᠠ ᠶᠢᠨ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ | ᠠᠴᠢ ᠬᠤᠯᠪᠣᠭᠳᠠᠯ ᠪᠦᠬᠦᠢ ᠴᠢᠬᠤᠯᠠ ᠬᠠᠷᠢᠴᠠᠭ᠎ᠠ ᠶᠢ ᠦᠨᠡᠨ ᠬᠦ ᠲᠤᠳᠤᠷᠬᠠᠢᠢᠯᠠᠵᠤ᠂ ᠴᠢᠭᠯᠡᠯ ᠢᠶᠠᠨ ᠵᠦᠪ ᠪᠤᠯᠭᠠᠵᠤ᠂ | ᠵᠦᠪ ᠵᠠᠮ ᠢᠶᠠᠷ ᠵᠠᠮᠨᠠᠵᠤ᠂ ᠨᠠᠩ ᠰᠠᠶᠢᠳᠤᠷ ᠭᠦᠭᠵᠢᠬᠦ ᠬᠡᠷᠡᠭᠳᠡᠢ᠃ ᠬᠤᠷᠳᠤᠴᠠ ᠪᠤᠯᠤᠨ ᠴᠢᠨᠠᠷ ᠴᠢᠨᠰᠠᠭ᠎ᠠ᠂ ᠦᠷ᠎ᠠ | ᠠᠰᠢᠭ ᠤᠨ ᠬᠠᠷᠢᠴᠠᠭ᠎ᠠ ᠶᠢ ᠵᠦᠪ ᠣᠨᠣᠪᠴᠢᠳᠠᠢ ᠰᠢᠢᠳᠪᠤᠷᠢᠯᠡᠵᠦ᠂ ᠠᠵᠤ ᠠᠬᠤᠢ ᠶᠢᠨ ᠭᠦᠭᠵᠢᠯᠳᠠ ᠶᠢᠨ | ᠵᠤᠬᠰᠤᠴᠠ ᠶᠢ ᠴᠢᠨᠠᠷ ᠴᠢᠨᠰᠠᠭ᠎ᠠ ᠪᠠ ᠦᠷ᠎ᠠ ᠠᠰᠢᠭ ᠢ ᠲᠡᠭᠡᠭᠰᠢᠯᠡᠬᠦᠯᠬᠦ ᠲᠡᠭᠡᠷ᠎ᠠ ᠰᠢᠯᠵᠢᠬᠦᠯᠬᠦ ᠬᠡᠷᠡᠭᠳᠡᠢ︔ ᠠᠵᠤ | ᠠᠬᠤᠢ ᠶᠢ ᠭᠦᠭᠵᠢᠬᠦᠯᠬᠦ ᠪᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠶᠢᠨ ᠬᠠᠷᠢᠴᠠᠭ᠎ᠠ ᠶᠢ ᠵᠦᠪ | ᠣᠨᠣᠪᠴᠢᠳᠠᠢ ᠰᠢᠢᠳᠪᠤᠷᠢᠯᠡᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ᠂ ᠪᠤᠬᠢᠷᠳᠤᠯ ᠦᠭᠡᠢ | ᠭᠦᠭᠵᠢᠯᠳᠠ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠵᠠᠮ ᠢᠶᠠᠷ ᠵᠠᠮᠨᠠᠬᠤ | ᠬᠡᠷᠡᠭᠳᠡᠢ︔ ᠤᠯᠠᠮᠵᠢᠯᠠᠯᠳᠦ ᠠᠵᠤ ᠦᠢᠯᠡᠰ ᠢ ᠪᠠᠬᠢᠵᠢᠬᠦᠯᠦᠨ ᠲᠡᠭᠡᠭᠰᠢᠯᠡᠬᠦᠯᠬᠦ ᠪᠠ ᠰᠢᠨ᠎ᠠ ᠪᠠᠷ ᠮᠠᠨᠳᠤᠵᠤ ᠪᠠᠶᠢᠭ᠎ᠠ | ᠠᠵᠤ ᠦᠢᠯᠡᠰ ᠢ ᠪᠤᠶᠢᠵᠢᠭᠤᠯᠬᠤ ᠶᠢᠨ ᠬᠠᠷᠢᠴᠠᠭ᠎ᠠ ᠶᠢ ᠵᠦᠪ ᠣᠨᠣᠪᠴᠢᠳᠠᠢ ᠰᠢᠢᠳᠪᠤᠷᠢᠯᠡᠵᠦ᠂ ᠠᠵᠤ ᠦᠢᠯᠡᠰ ᠢ | ᠤᠷᠳᠤᠳᠬᠠᠬᠤ᠂ ᠠᠵᠤ ᠦᠢᠯᠡᠰ ᠢ ᠤᠯᠠᠨ ᠡᠰᠢᠵᠢᠭᠦᠯᠬᠦ ᠪᠠ ᠪᠦᠳᠦᠴᠡ ᠶᠢ ᠲᠡᠰ ᠲᠠᠪᠰᠢᠬᠦᠯᠬᠦ ᠶᠢ ᠬᠦᠴᠦᠯᠡᠨ | ᠠᠬᠢᠭᠤᠯᠬᠤ ᠬᠡᠷᠡᠭᠳᠡᠢ︔ ᠨᠡᠮᠡᠭᠳᠡᠯ ᠢ ᠳᠠᠶᠢᠴᠢᠯᠠᠨ ᠲᠠᠭᠠᠭᠤᠯᠬᠤ ᠲᠦᠢᠯ ᠢ ᠪᠤᠶᠢᠵᠢᠭᠤᠯᠬᠤ ᠪᠠ ᠪᠦᠬᠦ ᠤᠷᠤᠨ ᠤ | ᠭᠦᠭᠵᠢᠯᠳᠠ ᠶᠢᠨ ᠪᠦᠬᠦᠯᠢ ᠴᠣᠭᠴᠠᠳᠣ ᠴᠢᠨᠠᠷ ᠢ ᠴᠢᠩᠭᠠᠷᠠᠭᠤᠯᠬᠤ ᠶᠢᠨ ᠬᠠᠷᠢᠴᠠᠭ᠎ᠠ ᠶᠢ ᠵᠦᠪ ᠣᠨᠣᠪᠴᠢᠳᠠᠢ | ᠰᠢᠢᠳᠪᠤᠷᠢᠯᠡᠵᠦ᠂ ᠲᠦᠪᠯᠡᠷᠡᠭᠦᠯᠵᠦ ᠨᠢᠭᠳᠠᠷᠠᠭᠤᠯᠵᠣ ᠡᠷᠴᠢᠮᠵᠢᠭᠦᠯᠵᠦ ᠭᠦᠭᠵᠢᠭᠦᠯᠬᠦ ᠳᠠᠯ᠎ᠠ ᠪᠠᠷ ᠰᠢᠪᠳᠤᠯᠤᠯᠳᠠ ᠲᠠᠢ | ᠪᠣᠯᠬᠤ ᠶᠢ ᠰᠦᠪᠡᠭᠴᠢᠯᠠᠬᠦ ᠬᠡᠷᠡᠭᠳᠡᠢ︔ ᠠᠷᠠᠯᠵᠢᠶ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ ᠪᠠ ᠵᠠᠬ᠎ᠠ | ᠲᠡᠯᠭᠡᠭᠦᠷ ᠤᠨ ᠭᠤᠤᠯ ᠴᠤᠬᠴᠠ ᠶᠢ ᠪᠤᠶᠢᠵᠢᠭᠤᠯᠬᠤ ᠶᠢᠨ ᠬᠠᠷᠢᠴᠠᠭ᠎ᠠ ᠶᠢ ᠵᠦᠪ ᠣᠨᠣᠪᠴᠢᠳᠠᠢ ᠰᠢᠢᠳᠪᠤᠷᠢᠯᠡᠵᠦ᠂ | ᠣᠪᠣᠷ ᠲᠦᠪ ᠰᠤᠷᠳᠠᠯ ᠴᠢᠭᠡᠴᠢ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠮᠢ ᠠᠬᠤᠢ ᠶᠢ ᠡᠭᠦᠳᠴᠦ᠂ | ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠭᠦᠭᠵᠢᠯᠳᠠ ᠶᠢ ᠨᠠᠩ ᠰᠠᠶᠢᠳᠤᠷ ᠠᠬᠢᠭᠤᠯᠬᠤ ᠬᠡᠷᠡᠭᠳᠡᠢ ᠭᠡᠵᠦ | ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠶᠢᠨ ᠵᠤᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ᠂ ᠡᠷᠭᠡᠪᠰᠢ ᠠᠵᠢᠯᠯᠠᠭ᠎ᠠ ᠲᠡᠭᠡᠷ᠎ᠠ ᠪᠠᠨ ᠨᠠᠶᠢᠳᠠᠪᠤᠷᠢᠵᠢᠭᠤᠯᠵᠤ᠂ | ᠭᠦᠭᠵᠢᠯᠳᠠ ᠲᠤᠮᠳᠠ ᠪᠠᠨ ᠢᠯᠡᠷᠡᠬᠦᠯᠬᠦ ᠬᠡᠷᠡᠭᠳᠡᠢ᠃ ᠤᠳᠤᠬᠠᠨ ᠳᠤ᠂ ᠦᠪᠦᠷ ᠮᠤᠩᠭᠤᠯ ᠤᠨ ᠭᠦᠭᠵᠢᠯᠳᠠ ᠮᠦᠨ ᠬᠦ | ᠶᠡᠭᠡ ᠠᠮᠵᠢᠯᠳᠠ ᠪᠦᠳᠦᠮᠵᠢ ᠭᠠᠷᠭᠠᠵᠤ ᠪᠤᠯᠬᠤ ᠴᠢᠬᠤᠯᠠ ᠠᠵᠨ ᠲᠤᠬᠢᠶᠠᠯᠳᠣ ᠬᠤᠭᠤᠴᠠᠭ᠎ᠠ ᠳᠤ ᠤᠷᠤᠰᠢᠵᠣ ᠪᠣᠢ᠃ | ᠮᠠᠨ ᠤ ᠤᠯᠤᠰ ᠤᠨ ᠭᠦᠭᠵᠢᠯᠳᠠ ᠶᠢᠨ ᠭᠠᠳᠠᠭᠠᠳᠤ ᠤᠷᠴᠢᠨ ᠲᠤᠭᠤᠷᠢᠨ ᠤ ᠭᠦᠨᠵᠡᠭᠡᠢ ᠬᠤᠪᠢᠷᠠᠯᠳᠠ ᠪᠠ ᠠᠵᠤ | ᠠᠬᠤᠢ ᠴᠢᠨᠠᠷ ᠰᠠᠶᠢᠳᠠᠢ ᠭᠦᠭᠵᠢᠬᠦ ᠱᠠᠳᠤ ᠵᠦᠭ ᠰᠢᠯᠵᠢᠵᠦ ᠪᠠᠶᠢᠭ᠎ᠠ ᠭᠦᠨᠵᠡᠭᠡᠢ ᠨᠦᠯᠦᠭᠡ ᠶᠢ ᠰᠡᠷᠭᠡᠭ ᠢᠶᠠᠷ ᠲᠠᠨᠢᠵᠤ᠂ | ᠴᠢᠨᠠᠷ ᠰᠠᠶᠢᠳᠠᠢ ᠭᠦᠭᠵᠢᠯᠳᠠ ᠶᠢ ᠠᠬᠢᠭᠤᠯᠬᠤ ᠪᠠᠶᠢᠳᠠᠯ᠂ ᠡᠭᠦᠷᠭᠡ ᠪᠠ ᠠᠷᠭ᠎ᠠ ᠵᠠᠮ ᠢ ᠤᠨᠤᠪᠴᠢᠳᠠᠢ ᠡᠵᠡᠮᠰᠢᠵᠦ᠂ | ᠨᠠᠮ ᠤᠨ ᠲᠦᠪ ᠬᠤᠷᠢᠶ᠎ᠠ ᠶᠢᠨ ᠰᠢᠨ᠎ᠠ ᠨᠢᠭᠡ ᠡᠭᠡᠯᠵᠢ ᠶᠢᠨ ᠵᠡᠬᠦᠨ ᠬᠤᠶᠢᠳᠦ ᠤᠷᠤᠨ ᠢ ᠬᠦᠭᠵᠢᠬᠦᠯᠦᠨ | ᠮᠠᠨᠳᠤᠭᠤᠯᠬᠤ ᠶᠢ ᠠᠬᠢᠭᠤᠯᠵᠣ ᠪᠠᠶᠢᠭ᠎ᠠ᠂ ᠪᠠᠷᠠᠭᠤᠨ ᠤᠷᠤᠨ ᠢ ᠶᠡᠭᠡ ᠪᠠᠷ ᠨᠡᠭᠡᠭᠡᠨ ᠭᠦᠭᠵᠢᠬᠦᠯᠵᠦ ᠪᠠᠶᠢᠭ᠎ᠠ᠂ | ᠪᠡᠭᠡᠵᠢᠩ ᠲᠢᠶᠠᠨᠵᠢᠨ ᠾᠧᠪᠸᠢ ᠶᠢ ᠵᠤᠬᠢᠴᠠᠭᠤᠯᠤᠨ ᠭᠦᠭᠵᠢᠬᠦᠯᠵᠦ ᠪᠠᠶᠢᠭ᠎ᠠ᠂ ︽ᠨᠢᠭᠡ ᠪᠦᠰᠡ ᠨᠢᠭᠡ ᠵᠠᠮ︾ ᠢ | ᠬᠠᠮᠳᠤ ᠪᠠᠷ ᠪᠦᠳᠦᠭᠡᠨ ᠪᠠᠶᠢᠭᠤᠯᠵᠣ ᠪᠠᠶᠢᠭ᠎ᠠ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ | ᠴᠢᠩᠭ᠎ᠠ ᠡᠵᠡᠮᠳᠡᠵᠦ᠂ ᠦᠪᠦᠷ ᠮᠤᠩᠭᠤᠯ ᠤᠨ ᠦᠭᠡᠷᠡᠴᠢᠯᠡᠯᠳᠠ ᠨᠡᠭᠡᠭᠡᠯᠳᠠ ᠪᠠ ᠤᠳᠤᠬᠢᠴᠢᠯᠠᠬᠤ ᠪᠦᠳᠦᠭᠡᠨ | ᠪᠠᠶᠢᠭᠤᠯᠤᠯᠳᠠ ᠶᠢᠨ ᠰᠢᠨ᠎ᠠ ᠪᠠᠶᠢᠳᠠᠯ ᠢ ᠬᠦᠴᠦᠯᠡᠨ ᠨᠡᠭᠡᠭᠡᠭᠦ ᠬᠡᠷᠡᠭᠳᠡᠢ᠃ ᠲᠤᠬᠳᠠᠭᠤᠨ ᠤ ᠲᠤᠮᠳᠠ ᠤᠷᠤᠬᠰᠢᠯᠠᠨ | ᠲᠠᠪᠰᠢᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ | ᠭᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠰᠢᠨ᠎ᠠ ᠭᠦᠭᠵᠢᠯᠳᠠ ᠶᠢᠨ ᠤᠢᠢᠯᠠᠭᠠᠬᠳᠠᠬᠤᠨ ᠢ | ᠨᠠᠶᠢᠳᠠᠪᠤᠷᠢᠵᠢᠭᠤᠯᠵᠤ᠂ ᠨᠡᠮᠡᠭᠳᠡᠯ ᠢ ᠳᠣᠭᠳᠠᠪᠣᠷᠢᠵᠢᠭᠤᠯᠬᠤ᠂ ᠦᠭᠡᠷᠡᠴᠢᠯᠡᠯᠳᠠ ᠶᠢ ᠠᠬᠢᠭᠤᠯᠬᠤ᠂ ᠪᠦᠳᠦᠴᠡ ᠶᠢ | ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠭᠦ᠂ ᠲᠦᠭᠰᠢᠬᠦᠷᠢ ᠶᠢ ᠰᠡᠷᠭᠡᠶᠢᠯᠡᠬᠦ᠂ ᠲᠤᠬᠳᠠᠭᠤᠨ ᠢ | ᠪᠠᠳᠤᠯᠠᠬᠤ ᠡᠯ᠎ᠠ ᠵᠦᠢᠯ ᠤᠨ ᠠᠵᠢᠯ ᠢ ᠰᠠᠶᠢᠳᠤᠷ ᠬᠢᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠤ | ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ | ᠦᠭᠡᠢ ᠴᠢᠩᠭᠠᠷᠠᠭᠤᠯᠵᠤ᠂ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠭᠦᠭᠵᠢᠬᠦ ᠪᠠ ᠨᠠᠶᠢᠭᠡᠮ ᠤᠨ ᠶᠡᠭᠡ | ᠲᠠᠯ᠎ᠠ ᠶᠢᠨ ᠲᠤᠬᠳᠠᠭᠤᠨ ᠢ ᠪᠠᠳᠤᠯᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ ᠮᠠᠨ ᠤ ᠤᠷᠤᠨ ᠤ ᠠᠵᠤ ᠠᠬᠤᠢ ᠨᠢᠭᠡᠨᠳᠠ ᠪᠦᠳᠦᠴᠡ ᠪᠠᠨ ᠲᠤᠬᠢᠷᠠᠭᠤᠯᠤᠨ | ᠬᠡᠯᠪᠡᠷᠢ ᠪᠠᠨ ᠬᠤᠪᠢᠷᠠᠭᠤᠯᠪᠠᠯ ᠰᠠᠶ᠋ᠢ ᠦᠷᠬᠦᠯᠵᠢᠯᠡᠨ ᠡᠷᠡᠬᠦᠯ ᠢᠶᠠᠷ ᠭᠦᠭᠵᠢᠬᠦ ᠵᠠᠩᠭᠢᠯᠠᠭ᠎ᠠ ᠶᠢᠨ ᠱᠠᠳᠤᠨ ᠳᠤ ᠣᠷᠣᠵᠠᠢ᠂ | ︽ᠪᠠᠬᠢᠵᠢᠬᠦᠯᠬᠦ᠂ ᠴᠢᠩᠭᠠᠷᠠᠭᠤᠯᠬᠤ᠂ ᠲᠡᠭᠡᠭᠰᠢᠯᠡᠬᠦᠯᠬᠦ᠂ ᠰᠢᠯᠣᠭᠤᠳᠬᠠᠬᠤ︾ ᠴᠢᠭᠯᠡᠯᠳᠠ ᠶᠢ ᠬᠢᠨᠠᠮᠠᠭᠠᠢ | ᠲᠤᠭᠤᠰᠢᠯᠠᠭᠤᠯᠵᠤ᠂ ᠲᠤᠳᠠᠭᠤᠳᠠᠯ ᠢᠶᠠᠨ ᠨᠦᠬᠦᠪᠦᠷᠢᠯᠡᠬᠦ ᠳᠤ ᠠᠩᠬᠠᠷᠣᠯ ᠢᠶᠠᠨ ᠲᠦᠪᠯᠡᠷᠡᠭᠦᠯᠵᠦ ᠬᠠᠨᠭ᠍ᠭᠠᠯᠭ᠎ᠠ ᠶᠢᠨ | ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠠᠷᠭ᠎ᠠ | ᠪᠣᠳᠣᠯᠭ᠎ᠠ ᠬᠡᠷᠡᠭᠵᠢᠭᠦᠯᠦᠨ ᠵᠠᠬ᠎ᠠ ᠲᠡᠯᠭᠡᠭᠦᠷ ᠤᠨ ᠭᠤᠤᠯ ᠴᠤᠬᠴᠠ ᠶᠢᠨ ᠭᠦᠭᠵᠢᠯᠳᠠ ᠶᠢᠨ ᠤᠷᠴᠢᠨ ᠲᠤᠭᠤᠷᠢᠨ ᠢ | ᠰᠠᠶᠢᠵᠢᠷᠠᠭᠤᠯᠵᠣ᠂ ᠬᠠᠷᠢᠴᠠᠭᠤᠯᠤᠬᠰᠠᠨ ᠲᠠᠪᠠᠭᠤᠯᠢᠭ ᠢᠶᠠᠨ ᠪᠠᠳᠠᠷᠠᠭᠤᠯᠣᠨ ᠠᠵᠤ ᠦᠢᠯᠡᠰ ᠤᠨ ᠬᠡᠯᠬᠢᠶ᠎ᠠ ᠶᠢᠨ | ᠲᠦᠪᠰᠢᠨ ᠢᠶᠠᠨ ᠲᠡᠭᠡᠭᠰᠢᠯᠡᠬᠦᠯᠵᠦ᠂ ᠬᠦᠴᠦᠨ ᠵᠢᠭᠡᠯᠡᠨ ᠭᠦᠭᠵᠢᠬᠦ ᠳᠤ ᠬᠠᠷᠠᠭ᠎ᠠ ᠳᠠᠯᠪᠢᠨ ᠠᠵᠤ ᠠᠬᠤᠢ ᠶᠢᠨ | ᠡᠷᠬᠢᠯᠳᠡ ᠪᠠᠨ ᠰᠢᠯᠣᠭᠤᠳᠬᠠᠵᠣ᠂ ᠪᠤᠬᠢᠷᠳᠣᠯ ᠦᠭᠡᠢ ᠬᠦᠭᠵᠢᠯᠳᠡ ᠪᠠᠷ ᠬᠦᠳᠦᠯᠦᠨ ᠲᠠᠭᠠᠭᠤᠯᠬᠤ ᠶᠢ ᠪᠠᠷᠢᠮᠳᠠᠯᠠᠵᠤ | ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠵᠤ᠂ ᠪᠤᠳᠠᠳᠠᠢ ᠠᠴᠠ ᠪᠠᠨ ᠡᠭᠦᠰᠦᠨ | ᠬᠤᠳᠠ ᠬᠦᠳᠡᠭᠡ ᠤᠷᠤᠨ ᠪᠦᠰᠡ ᠶᠢᠨ ᠵᠤᠬᠢᠴᠠᠩᠭᠤᠢ ᠭᠦᠭᠵᠢᠯᠳᠠ ᠶᠢ ᠠᠬᠢᠭᠤᠯᠵᠤ᠂ ᠠᠵᠤ ᠠᠬᠤᠢ ᠶᠢᠨ ᠴᠢᠨᠠᠷ | ᠰᠠᠶᠢᠳᠠᠢ ᠭᠦᠭᠵᠢᠯᠳᠠ ᠶᠢ ᠠᠬᠢᠭᠤᠯᠬᠤ ᠳᠠᠯ᠎ᠠ ᠪᠠᠷ ᠰᠢᠨ᠎ᠠ ᠨᠠᠩ ᠶᠡᠭᠡ ᠠᠬᠢᠴᠠ ᠲᠠᠢ ᠪᠣᠯᠬᠤ ᠪᠠᠷ ᠴᠢᠷᠮᠠᠶᠢᠬᠤ | ᠬᠡᠷᠡᠭᠳᠡᠢ᠃ ᠭᠤᠤᠯ ᠵᠦᠷᠢᠴᠡᠯ ᠢ ᠠᠳᠬᠤᠵᠤ᠂ ᠭᠤᠤᠯᠳᠠᠯᠭ᠎ᠠ ᠲᠠᠢ ᠡᠭᠦᠷᠭᠡ ᠶᠢ ᠪᠤᠭᠤᠮᠳᠠ ᠰᠢᠪᠳᠤᠯᠵᠤ᠂ ᠮᠠᠯ ᠠᠵᠤ | ᠠᠬᠤᠢ ᠲᠠᠷᠢᠶᠠᠯᠠᠩ ᠤᠨ ᠴᠢᠨᠠᠷ ᠰᠠᠶᠢᠳᠠᠢ ᠦᠨᠳᠦᠷ ᠪᠦᠳᠦᠮᠵᠢᠳᠡᠢ ᠪᠤᠯᠬᠤ ᠳᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠵᠤ᠂ | ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠠ ᠦᠵᠡᠬᠦᠯᠬᠦ ᠤᠷᠤᠨ ᠢ ᠴᠤᠬᠴᠠᠯᠠᠵᠤ᠂ ᠰᠢᠨ᠎ᠠ ᠠᠵᠤ | ᠦᠢᠯᠡᠰ ᠰᠢᠨ᠎ᠠ ᠬᠦᠳᠡᠯᠭᠡᠭᠦ ᠡᠨᠧᠷᠬᠢ ᠶᠢ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠲᠤᠯᠭᠠᠭᠤᠷᠢ ᠠᠵᠤ | ᠦᠢᠯᠡᠰ ᠢ ᠪᠤᠵᠠᠭᠠᠢᠢᠷᠠᠭᠤᠯᠵᠤ᠂ ᠤᠳᠤ ᠦᠶ᠎ᠡ ᠶᠢᠨ ᠰᠠᠭᠤᠷᠢ ᠲᠦᠭᠦᠭᠡᠷᠦᠮᠵᠢ ᠶᠢᠨ ᠲᠤᠤᠷ ᠤᠨ ᠰᠢᠰᠲ᠋ᠧᠮ ᠢ | ᠴᠣᠭᠴᠠᠯᠠᠵᠣ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠭᠦ ᠴᠢᠳᠠᠪᠤᠷᠢ ᠪᠠ ᠰᠢᠰᠲ᠋ᠧᠮ ᠤᠨ | ᠪᠠᠶᠢᠭᠤᠯᠤᠯᠳᠠ ᠶᠢ ᠴᠢᠩᠭᠠᠳᠬᠠᠵᠤ᠂ ᠦᠨᠳᠦᠷ ᠬᠡᠪ ᠪᠤᠯᠪᠠᠰᠤᠷᠠᠯ ᠲᠠᠢ ᠴᠢᠳᠠᠪᠤᠷᠢᠳᠠᠨ ᠢ ᠱᠠᠯᠠᠪᠳᠠᠨ ᠴᠤᠬᠯᠠᠷᠠᠭᠤᠯᠵᠤ᠂ | ᠲᠦᠪᠯᠡᠷᠡᠬᠦᠯᠵᠦ ᠨᠢᠭᠳᠠᠷᠠᠭᠤᠯᠵᠣ ᠡᠷᠴᠢᠮᠵᠢᠭᠦᠯᠵᠦ ᠭᠦᠭᠵᠢᠭᠦᠯᠬᠦ ᠶᠢ ᠪᠠᠷᠢᠮᠳᠠᠯᠠᠵᠤ᠂ ᠶᠡᠭᠡ ᠲᠤᠮᠳᠠ ᠵᠢᠵᠢᠭ ᠬᠤᠳᠠ | ᠪᠠ ᠵᠢᠵᠢᠭ ᠬᠤᠳᠠ ᠪᠠᠯᠭᠠᠰᠤ ᠶᠢᠨ ᠵᠤᠬᠢᠴᠠᠩᠭᠤᠢ ᠪᠠᠷ ᠭᠦᠭᠵᠢᠬᠦ ᠶᠢ ᠠᠬᠢᠭᠤᠯᠵᠤ᠂ ᠬᠦᠳᠡᠭᠡ ᠲᠤᠰᠬᠤᠨ ᠢ | ᠭᠦᠭᠵᠢᠬᠦᠯᠦᠨ ᠮᠠᠨᠳᠤᠭᠤᠯᠬᠤ ᠶᠢ ᠠᠬᠢᠭᠤᠯᠵᠤ᠂ ᠦᠷᠢᠰᠦᠯᠳᠦᠬᠦ ᠬᠦᠴᠦᠨ ᠲᠠᠢ ᠨᠡᠮᠡᠭᠳᠡᠯ ᠢᠶᠠᠷ ᠳᠠᠶᠢᠴᠢᠯᠠᠨ | ᠲᠠᠭᠠᠭᠤᠯᠬᠤ ᠲᠦᠢᠯ ᠢ ᠴᠤᠬᠴᠠᠯᠠᠵᠤ᠂ ᠵᠦᠢ ᠵᠤᠬᠢᠰᠳᠠᠢ ᠠᠵᠤ ᠠᠬᠤᠢ ᠶᠢᠨ ᠨᠡᠮᠡᠭᠳᠡᠯ ᠢᠶᠠᠨ ᠪᠠᠳᠤᠯᠠᠵᠤ᠂ | ᠭᠦᠭᠵᠢᠯᠳᠠ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠠᠬᠤᠢ ᠶᠢᠨ ᠪᠦᠳᠦᠴᠡ ᠶᠢ ᠲᠤᠬᠢᠷᠠᠭᠤᠯᠬᠤ᠂ | ᠭᠦᠭᠵᠢᠯᠳᠡ ᠶᠢᠨ ᠬᠦᠳᠡᠯᠭᠡᠭᠦ ᠡᠨᠧᠷᠬᠢ ᠶᠢ ᠬᠤᠪᠢᠷᠠᠭᠤᠯᠬᠤ᠂ ᠴᠢᠨᠠᠷ ᠴᠢᠨᠰᠠᠭ᠎ᠠ ᠦᠷ᠎ᠠ ᠪᠦᠳᠦᠮᠵᠢ ᠶᠢ | ᠲᠡᠭᠡᠭᠰᠢᠯᠡᠬᠦᠯᠬᠦ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠪᠦᠭᠦᠳᠠ ᠬᠤᠷᠠᠯ ᠠᠴᠠ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ᠂ ᠪᠤᠬᠢᠷᠳᠤᠯ ᠦᠭᠡᠢ | ᠬᠦᠭᠵᠢᠯᠳᠠ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠰᠦᠪᠡᠭᠴᠢᠯᠡᠭᠦ ᠪᠤᠯ | ᠨᠠᠮ ᠤᠨ ᠲᠦᠪ ᠬᠤᠷᠢᠶ᠎ᠠ ᠠᠴᠠ ᠰᠢᠨ᠎ᠠ ᠴᠠᠬ ᠦᠶ᠎ᠠ ᠶᠢᠨ ᠦᠪᠤᠷ ᠮᠤᠩᠭᠤᠯ ᠤᠨ ᠬᠦᠭᠵᠢᠯᠳᠠ ᠳᠤ ᠲᠠᠯᠪᠢᠬᠰᠠᠨ | ᠬᠦᠰᠡᠯ ᠱᠠᠭᠠᠷᠳᠠᠯᠭ᠎ᠠ ᠪᠤᠯᠤᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ | ᠪᠤᠳᠤᠯᠭ᠎ᠠ ᠶᠢᠨ ᠲᠤᠬᠳᠠᠯ ᠬᠦᠴᠦᠨ ᠢ ᠪᠠᠷᠢᠮᠳᠠᠯᠠᠵᠦ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ | ᠠᠬᠤᠢ ᠶᠢᠨ ᠬᠠᠯᠬᠠᠪᠴᠢ ᠶᠢ ᠪᠠᠬᠢᠵᠢᠬᠦᠯᠬᠦ ᠪᠠᠷ ᠬᠠᠷᠠᠯᠳᠠ ᠪᠤᠯᠭᠠᠵᠦ᠂ ᠤᠯᠤᠰ ᠤᠨ ᠠᠮᠢ ᠠᠬᠤᠢ ᠶᠢᠨ ᠪᠤᠯᠪᠠᠰᠤᠨ ᠤ | ᠲᠤᠷᠰᠢᠯᠳᠠ ᠶᠢᠨ ᠤᠷᠤᠨ ᠢ ᠡᠭᠦᠳᠤᠨ ᠪᠠᠶᠢᠭᠤᠯᠬᠤ ᠪᠠᠷ ᠭᠠᠷᠳᠠᠴᠠ ᠪᠤᠯᠭᠠᠵᠦ᠂ ᠴᠢᠨᠠᠷ ᠰᠠᠶᠢᠳᠠᠢ ᠬᠦᠭᠵᠢᠯᠳᠠ ᠶᠢᠨ | ᠲᠤᠮᠳᠠ ᠦᠨᠳᠤᠷ ᠲᠦᠪᠰᠢᠨ ᠪᠦᠭᠦᠢ ᠬᠠᠮᠠᠭᠠᠯᠠᠯᠳᠠ ᠶᠢ ᠠᠬᠢᠭᠤᠯᠵᠦ᠂ ᠦᠨᠳᠤᠷ ᠲᠦᠪᠰᠢᠨ ᠪᠦᠭᠦᠢ | ᠬᠠᠮᠠᠭᠠᠯᠠᠯᠳᠠ ᠶᠢᠨ ᠲᠤᠮᠳᠠ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠬᠡᠷᠡᠭᠳᠡᠢ᠃ ᠭᠤᠤᠯ ᠴᠤᠬᠴᠠ ᠶᠢᠨ | ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠢᠳᠡᠪᠭᠢᠳᠠᠢ ᠬᠡᠷᠡᠭᠵᠢᠭᠦᠯᠵᠦ᠂ ᠲᠠᠯ᠎ᠠ ᠨᠤᠳᠤᠬ᠂ ᠤᠢ | ᠰᠢᠭᠤᠢ ᠶᠢᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠵᠦ᠂ ᠭᠠᠵᠠᠷ ᠰᠢᠷᠤᠢ ᠶᠢᠨ ᠡᠯᠡᠰᠦᠷᠭᠡᠭᠵᠢᠯ | ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠤᠰᠤᠨ ᠤ ᠡᠭᠢ ᠪᠠᠶᠠᠯᠢᠭ ᠢ ᠪᠠᠲᠤ ᠬᠠᠮᠠᠭᠠᠯᠠᠨ | ᠰᠢᠨᠵᠢᠯᠡᠭᠦ ᠤᠬᠠᠭᠠᠨᠴᠢ ᠪᠠᠷ ᠠᠰᠢᠬᠯᠠᠵᠦ᠂ ᠬᠦᠬᠡ ᠤᠭᠳᠠᠷᠭᠤᠢ᠂ ᠴᠡᠩᠬᠡᠷ ᠤᠰᠤ᠂ ᠠᠷᠢᠭᠤᠨ ᠬᠦᠷᠦᠰᠦ ᠶᠢᠨ | ᠬᠠᠮᠠᠭᠠᠯᠠᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠵᠦ᠂ ᠪᠤᠬᠢᠷᠳᠤᠯ ᠦᠭᠡᠢ ᠬᠦᠭᠵᠢᠯᠳᠠ ᠶᠢᠨ ᠠᠷᠭ᠎ᠠ ᠬᠡᠯᠪᠡᠷᠢ ᠪᠠ | ᠠᠮᠢᠳᠤᠷᠠᠯ ᠤᠨ ᠠᠷᠭ᠎ᠠ ᠭᠡᠯᠪᠡᠷᠢ ᠶᠢ ᠱᠠᠯᠠᠪᠳᠠᠨ ᠪᠦᠷᠢᠯᠳᠦᠭᠦᠯᠵᠦ᠂ ᠠᠮᠢ ᠠᠬᠤᠢ ᠤᠷᠴᠢᠨ ᠲᠤᠭᠤᠷᠢᠨ ᠤ | ᠲᠤᠪᠤᠶᠢᠮ᠎ᠠ ᠠᠰᠠᠭᠤᠳᠠᠯ ᠤᠳ ᠢ ᠦᠡᠭᠭᠡᠨ ᠲᠠᠯ᠎ᠠ ᠬᠢᠭᠡᠳ ᠤᠭ ᠦᠨᠳᠦᠰᠦ ᠠᠴᠠ ᠨᠢ ᠰᠢᠢᠳᠪᠤᠷᠢᠯᠡᠵᠤ᠂ ᠦᠪᠤᠷ | ᠮᠤᠩᠭᠤᠯ ᠤᠨ ᠢᠶᠠᠨ ᠬᠦᠭᠡᠮᠳᠦᠭ ᠨᠤᠭᠤᠭᠠᠨ᠂ ᠬᠦᠭᠡ ᠴᠡᠩᠭᠡᠷ᠂ ᠴᠡᠪᠡᠷ ᠠᠷᠢᠭᠤᠨ ᠢ ᠰᠠᠶᠢᠳᠤᠷ ᠬᠠᠮᠠᠭᠠᠯᠠᠵᠦ᠂ ᠪᠦᠭᠦ | ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ | ᠬᠡᠷᠡᠭᠳᠡᠢ ᠭᠡᠵᠦ ᠵᠢᠭᠠᠵᠦ ᠭᠠᠷᠭᠠᠪᠠ᠃ | ᠪᠦᠭᠦᠳᠡ ᠬᠤᠷᠠᠯ ᠠᠴᠠ᠂ ᠦᠭᠡᠷᠡᠴᠢᠯᠡᠯᠳᠡ ᠨᠡᠭᠡᠭᠡᠯᠳᠡ ᠬᠢᠬᠦ ᠶᠢ ᠭᠤᠶᠢᠪᠢᠰᠢ ᠦᠭᠡᠢ ᠬᠦᠨᠵᠡᠭᠡᠶᠢᠷᠡᠭᠦᠯᠵᠦ᠂ | ᠠᠷᠠᠯᠵᠢᠶ᠎ᠠ ᠡᠵᠡᠩᠨᠡᠬᠦ ᠤᠷᠴᠢᠨ ᠲᠤᠭᠤᠷᠢᠨ ᠢ ᠶᠡᠭᠡ ᠪᠠᠷ ᠰᠠᠶᠢᠵᠢᠷᠠᠭᠤᠯᠵᠦ᠂ ᠵᠠᠬ᠎ᠠ ᠲᠡᠯᠭᠡᠭᠦᠷ ᠤᠨ ᠭᠤᠤᠯ | ᠴᠤᠬᠴᠠ ᠶᠢ ᠪᠤᠶᠢᠵᠢᠭᠤᠯᠤᠨ ᠪᠤᠵᠠᠭᠠᠢᠢᠷᠠᠭᠤᠯᠵᠦ᠂ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ | ᠠᠬᠢᠭᠤᠯᠵᠦ᠂ ᠴᠢᠬᠤᠯᠠ ᠬᠦᠴᠦᠨ ᠵᠦᠢᠯ ᠤᠨ ᠵᠠᠬ᠎ᠠ ᠲᠡᠯᠭᠡᠭᠦᠷᠴᠢᠯᠠᠯᠳᠠ ᠶᠢᠨ ᠦᠭᠡᠷᠡᠴᠢᠯᠡᠯᠳᠡ ᠶᠢ | ᠬᠦᠨᠵᠡᠭᠡᠶᠢᠷᠡᠭᠦᠯᠵᠦ᠂ ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠨᠭ᠍ᠭᠢᠯ ᠤᠨ ᠪᠦᠲᠦᠭᠡᠨ | ᠪᠠᠶᠢᠭᠤᠯᠤᠯᠳᠠ ᠳᠤ ᠬᠦᠨᠵᠡᠭᠡᠢ ᠤᠷᠤᠯᠴᠠᠨ᠂ ᠤᠯᠤᠰ ᠤᠨ ᠲᠤᠳᠤᠭᠠᠳᠤ ᠪᠠ ᠲᠡᠯᠡᠭᠡᠢ ᠶᠢᠨ ᠵᠠᠬ᠎ᠠ ᠲᠡᠯᠭᠡᠭᠦᠷ ᠲᠤ | ᠪᠦᠭᠦ ᠲᠠᠯ᠎ᠠ ᠪᠠᠷ ᠠᠭᠤᠰᠤᠯᠴᠠᠵᠦ᠂ ᠬᠦᠭᠵᠢᠯᠳᠠ ᠶᠢᠨ ᠬᠦᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠠᠷᠰᠢᠯᠠᠵᠦ | ᠪᠠᠶᠢᠭ᠎ᠠ ᠪᠠᠶᠢᠭᠤᠯᠤᠮᠵᠢ ᠲᠤᠬᠳᠠᠴᠠ ᠶᠢᠨ ᠬᠠᠷᠰᠢ ᠰᠠᠭᠠᠳ ᠢ ᠲᠦᠷᠭᠡᠨ ᠠᠷᠢᠯᠭᠠᠵᠤ᠂ ᠡᠭᠢ ᠪᠠᠶᠠᠯᠢᠭ ᠤᠨ | ᠳᠤᠬᠢᠷᠠᠭᠤᠯᠤᠯᠳᠠ ᠳᠠᠬᠢ ᠵᠠᠬ᠎ᠠ ᠲᠡᠯᠭᠡᠭᠦᠷ ᠤᠨ ᠰᠢᠢᠳᠪᠤᠷᠢᠯᠡᠭᠦ ᠴᠢᠨᠠᠷᠳᠠᠢ ᠦᠢᠯᠡᠳᠤᠯ ᠢ ᠭᠦᠢᠴᠡᠳ ᠪᠠᠳᠠᠷᠠᠭᠤᠯᠵᠤ᠂ | ᠵᠠᠰᠠᠭ ᠤᠨ ᠤᠷᠳᠤᠨ ᠤ ᠦᠢᠯᠡᠳᠤᠯ ᠢ ᠨᠡᠩ ᠰᠠᠶᠢᠳᠤᠷ ᠪᠠᠳᠠᠷᠠᠭᠤᠯᠤᠨ᠂ ᠦᠭᠡᠷᠡᠴᠢᠯᠡᠯᠳᠡ ᠨᠡᠭᠡᠭᠡᠯᠳᠡ ᠶᠢᠨ ᠦᠷ᠎ᠠ | ᠠᠰᠢᠭ ᠢ ᠲᠠᠰᠤᠷᠠᠯᠲᠠ ᠦᠭᠡᠢ ᠢᠯᠡᠷᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠨᠡᠮᠡᠭᠳᠡᠭᠦᠯᠭᠦ ᠪᠤᠯ | ᠬᠦᠭᠵᠢᠯᠳᠠ ᠶᠢᠨ ᠦᠨᠳᠤᠰᠦᠨ ᠬᠠᠷᠠᠯᠳᠠ ᠮᠦᠨ᠂ ᠬᠠᠮᠳᠤ ᠪᠠᠷ ᠡᠳ᠋ᠯᠡᠭᠦ ᠬᠦᠭᠵᠢᠯᠳᠠ ᠶᠢᠨ ᠤᠢᠢᠯᠠᠭᠠᠬᠳᠠᠬᠤᠨ ᠢ | ᠬᠢᠨᠠᠮᠠᠭᠠᠢ ᠦᠢᠯᠡᠳᠦᠯᠭᠡᠵᠢᠭᠦᠯᠵᠦ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠬᠠᠷᠠᠯᠳᠠ ᠲᠠᠢ | ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠪᠠᠳᠤᠯᠠᠭ᠎ᠠ ᠪᠠ ᠨᠠᠶᠢᠭᠡᠮ ᠤᠨ ᠵᠠᠰᠠᠯᠳᠠ ᠶᠢ ᠴᠢᠩᠭᠠᠳᠬᠠᠵᠦ᠂ | ᠬᠤᠷᠢᠭ᠎ᠠ ᠱᠤᠭᠤᠮ ᠢ ᠰᠠᠬᠢᠵᠤ᠂ ᠦᠨᠳᠦᠰᠦᠨ ᠵᠦᠢᠯ ᠢ ᠪᠠᠳᠤᠯᠠᠵᠦ᠂ ᠲᠤᠳᠠᠭᠤᠳᠠᠯ ᠢ ᠨᠦᠭᠦᠪᠦᠷᠢᠯᠡᠵᠤ᠂ ᠪᠠᠭᠤᠷᠠᠢ | ᠲᠠᠯ᠎ᠠ ᠶᠢ ᠬᠦᠴᠤᠷᠭᠡᠭᠵᠢᠬᠦᠯᠵᠤ᠂ ᠪᠦᠯᠭᠦᠮᠳᠡᠯ ᠲᠠᠢ ᠡᠶ᠎ᠡ ᠵᠤᠬᠢᠴᠠᠩᠭᠤᠢ ᠠᠮᠤᠷ ᠲᠤᠬᠳᠠᠭᠤᠨ ᠰᠠᠶᠢᠨ ᠰᠠᠶᠢᠬᠠᠨ | ᠪᠠᠶᠢᠳᠠᠯ ᠢ ᠪᠠᠬᠢᠵᠢᠬᠦᠯᠤᠨ ᠬᠦᠭᠵᠢᠭᠦᠯᠭᠦ ᠬᠡᠷᠡᠭᠳᠡᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠦᠯᠭᠦᠮᠳᠠᠯ ᠢ | ᠨᠢᠬᠳᠠᠷᠠᠭᠤᠯᠬᠤ᠂ ᠲᠤᠬᠳᠠᠭᠤᠨ ᠢ ᠬᠠᠮᠠᠭᠠᠯᠠᠬᠤ ᠡᠯ᠎ᠠ ᠵᠦᠢᠯ ᠤᠨ ᠠᠵᠢᠯ ᠢ ᠨᠠᠷᠢᠨ ᠨᠢᠮᠪᠠᠢ ᠰᠠᠶᠢᠳᠤᠷ ᠬᠢᠵᠦ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠠ ᠶᠢ ᠲᠠᠮᠠᠴᠡᠨ ᠤᠯᠵᠤ᠂ | ᠲᠦᠭᠡᠮᠡᠯ ᠬᠠᠷᠠᠭᠠᠯᠵᠠᠯ ᠤᠨ ᠴᠢᠨᠠᠷᠳᠠᠢ᠂ ᠦᠨᠳᠤᠰᠤᠨ ᠴᠢᠨᠠᠷᠳᠠᠢ ᠠᠷᠠᠳ ᠤᠨ ᠠᠮᠢᠳᠤᠷᠠᠯ ᠤᠨ ᠪᠦᠳᠤᠭᠡᠨ | ᠪᠠᠶᠢᠭᠤᠯᠤᠯᠳᠠ ᠶᠢ ᠴᠢᠩᠭᠠᠳᠬᠠᠵᠦ᠂ ᠰᠤᠷᠭᠠᠨ ᠬᠦᠮᠦᠵᠢᠯ᠂ ᠠᠵᠢᠯ ᠤᠯᠭᠤᠯᠳᠠ᠂ ᠨᠡᠶᠢᠭᠡᠮ ᠤᠨ ᠪᠠᠳᠤᠯᠠᠭ᠎ᠠ᠂ ᠡᠮ | ᠡᠮᠨᠡᠯᠭᠡ᠂ ᠤᠷᠤᠨ ᠰᠠᠭᠤᠴᠠ ᠵᠡᠷᠭᠡ ᠲᠠᠯ᠎ᠠ ᠳᠤ ᠤᠷᠤᠰᠢᠵᠦ ᠪᠠᠶᠢᠬᠤ ᠲᠤᠪᠤᠶᠢᠮ᠎ᠠ ᠠᠰᠠᠭᠤᠳᠠᠯ ᠪᠠ ᠪᠠᠴᠢᠮ ᠲᠤᠯᠭᠠᠮ | ᠠᠰᠠᠭᠤᠳᠠᠯ ᠢ ᠬᠦᠴᠦᠯᠠᠨ ᠰᠢᠢᠳᠪᠤᠷᠢᠯᠡᠵᠦ᠂ ᠦᠨᠳᠦᠰᠦᠳᠡᠨ ᠤ ᠪᠦᠯᠭᠦᠮᠳᠠᠯ ᠤᠨ ᠠᠵᠢᠯ ᠢ ᠦᠷᠭᠦᠯᠵᠢᠯᠠᠨ ᠰᠠᠶᠢᠳᠤᠷ | ᠬᠢᠵᠦ᠂ ᠰᠢᠨ᠎ᠠ ᠴᠠᠬ ᠦᠶ᠎ᠠ ᠳᠤ ᠵᠢᠱᠢᠶᠡᠴᠢ ᠦᠪᠡᠷᠳᠡᠭᠡᠨ ᠵᠠᠰᠠᠬᠤ ᠤᠷᠤᠨ ᠤ ᠡᠷᠭᠢᠮ ᠲᠡᠭᠡᠳᠤ ᠢᠷᠠᠭᠤ | ᠠᠯᠳᠠᠷ ᠢᠶᠠᠨ ᠦᠷᠭᠦᠯᠵᠢᠯᠠᠨ ᠪᠠᠳᠤᠯᠠᠵᠦ᠂ ᠡᠯ᠎ᠠ ᠵᠦᠢᠯ ᠤᠨ ᠠᠮᠤᠷ ᠲᠦᠪᠰᠢᠨ ᠲᠤᠬᠳᠠᠭᠤᠨ ᠤ ᠲᠠᠯ᠎ᠠ ᠪᠠᠷ ᠬᠢ | ᠠᠶᠤᠯ ᠲᠦᠭᠰᠢᠭᠦᠷᠢ ᠶᠢ ᠡᠷᠴᠢᠮ ᠲᠠᠢ ᠰᠡᠷᠭᠡᠶᠢᠯᠡᠨ ᠨᠠᠮᠳᠠᠭᠠᠵᠦ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ | ᠲᠦᠪᠰᠢᠨ ᠲᠤᠬᠳᠠᠭᠤᠨ ᠤ ᠬᠠᠯᠬᠠᠪᠴᠢ ᠶᠢ ᠲᠠᠰᠤᠷᠠᠯᠳᠠ ᠦᠭᠡᠢ ᠪᠠᠬᠢᠵᠢᠬᠦᠯᠵᠤ᠂ ᠦᠭᠡᠷᠡᠴᠢᠯᠠᠯᠳᠠ ᠬᠦᠭᠵᠢᠯᠳᠠ ᠶᠢᠨ | ᠦᠷ᠎ᠠ ᠪᠦᠳᠦᠬᠡᠯ ᠢ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠡᠳ᠋ᠯᠡᠭᠦᠯᠤᠨ᠂ ᠦᠨᠳᠦᠰᠦᠳᠡᠨ ᠤ | ᠪᠦᠯᠭᠦᠮᠳᠠᠯ ᠤᠨ ᠴᠡᠴᠡᠭᠡᠰ ᠢ ᠦᠨᠢᠳᠠ ᠳᠡᠯᠭᠡᠷᠡᠭᠦᠯᠦᠨ᠂ ᠬᠢᠯᠢ ᠬᠢᠵᠠᠭᠠᠷ ᠤᠨ ᠠᠮᠤᠷ ᠲᠤᠬᠳᠠᠭᠤᠨ ᠢ ᠡᠬᠦᠷᠢᠳᠠ | ᠪᠠᠳᠤᠯᠠᠬᠤ ᠬᠡᠷᠡᠭᠳᠡᠢ ᠭᠡᠵᠦ ᠵᠢᠭᠠᠵᠦ ᠭᠠᠷᠭᠠᠪᠠ᠃ | ᠪᠦᠭᠦᠳᠡ ᠬᠤᠷᠠᠯ ᠠᠴᠠ᠂ ︽ᠤᠬ ᠰᠠᠨᠠᠭ᠎ᠠ ᠪᠠᠨ ᠦᠯᠦ ᠮᠠᠷᠳᠠᠵᠦ ᠡᠭᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠭᠦ︾ ᠭᠤᠤᠯ ᠰᠡᠳᠦᠪᠳᠤ ᠬᠦᠮᠦᠵᠢᠯ ᠢ ᠯᠠᠪᠳᠠᠭᠤᠨ ᠪᠠᠳᠤᠳᠠᠢ ᠦᠷᠨᠢᠭᠦᠯᠵᠦ᠂ ᠶᠡᠷᠦᠩᠭᠡᠢ ᠱᠦᠵᠢ ᠰᠢ ᠶᠢᠨ | ᠫᠢᠡᠭ ᠤᠨ ︽ᠭᠤᠷᠪᠠᠨ ᠡᠷᠭᠡᠪᠰᠢ︾ ︽ᠲᠦᠷᠪᠡ ᠶᠢ ᠪᠤᠳᠠᠳᠠᠶᠢᠵᠢᠭᠤᠯᠬᠤ︾ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠤᠬ ᠰᠠᠨᠠᠭ᠎ᠠ ᠪᠠᠨ ᠰᠠᠬᠢᠵᠦ᠂ ᠡᠬᠦᠷᠭᠡ | ᠬᠠᠷᠢᠭᠤᠴᠠᠯᠭ᠎ᠠ ᠪᠠᠨ ᠡᠭᠦᠷᠭᠡᠯᠡᠨ᠂ ᠵᠦᠷᠢᠶ᠎ᠠ ᠪᠠᠨ ᠡᠷᠢᠵᠦ᠂ ᠨᠠᠶᠢᠳᠠᠪᠤᠷᠢᠵᠢᠭᠤᠯᠤᠯᠳᠠ ᠶᠢ ᠠᠳᠬᠤᠬᠤ︾ ᠶᠡᠷᠦᠩᠭᠡᠢ | ᠱᠠᠭᠠᠷᠳᠠᠯᠭ᠎ᠠ ᠶᠢ ᠪᠦᠭᠦ ᠲᠠᠯ᠎ᠠ ᠪᠠᠷ ᠡᠵᠡᠮᠰᠢᠵᠦ᠂ ᠤᠬ ᠰᠠᠨᠠᠭ᠎ᠠ ᠪᠠᠨ ᠦᠯᠦ ᠮᠠᠷᠳᠠᠵᠦ᠂ ᠡᠭᠦᠷᠭᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ ᠶᠢ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠮᠦᠡᠭᠭᠡ ᠶᠢᠨ ᠰᠡᠳᠦᠪ | ᠪᠤᠯᠭᠠᠵᠦ᠂ ᠪᠦᠭᠦ ᠨᠠᠮ ᠤᠨ ᠭᠡᠰᠢᠭᠦᠨ ᠺᠠᠳ᠋ᠷ ᠤᠨ ᠨᠠᠰᠤᠨ ᠲᠤᠷᠰᠢᠳᠠ ᠶᠢᠨ ᠰᠡᠳᠦᠪ ᠪᠤᠯᠭᠠᠵᠤ᠂ ᠠᠰᠠᠭᠤᠳᠠᠯ ᠳᠤ | ᠵᠦᠪ ᠢᠶᠠᠷ ᠬᠠᠨᠳᠤᠬᠤ ᠤᠬᠠᠮᠰᠠᠷ ᠪᠠ ᠬᠢᠳᠤᠭᠠᠨ ᠢᠷ ᠢ ᠲᠤᠳᠤᠬᠰᠢ ᠬᠠᠨᠳᠤᠭᠤᠯᠬᠤ ᠵᠤᠷᠢᠭ ᠢᠶᠠᠷ᠂ ᠤᠬ ᠰᠠᠨᠠᠭ᠎ᠠ | ᠪᠠ ᠡᠭᠦᠷᠭᠡ ᠬᠠᠷᠢᠭᠤᠴᠠᠯᠭ᠎ᠠ ᠠᠴᠠ ᠲᠡᠷᠰᠯᠡᠭᠰᠡᠨ ᠡᠯ᠎ᠠ ᠵᠦᠢᠯ ᠤᠨ ᠠᠰᠠᠭᠤᠳᠠᠯ ᠢ ᠬᠦᠴᠤᠯᠠᠨ ᠰᠢᠢᠳᠪᠤᠷᠢᠯᠡᠵᠦ᠂ | ᠭᠤᠤᠯ ᠰᠡᠳᠦᠪᠳᠤ ᠬᠦᠮᠦᠵᠢᠯ ᠤᠨ ᠦᠨᠡᠨ ᠪᠤᠳᠠᠳᠠᠢ ᠦᠷ᠎ᠠ ᠪᠦᠲᠦᠮᠵᠢ ᠤᠯᠬᠤ ᠶᠢ ᠪᠠᠳᠤᠯᠠᠬᠤ ᠬᠡᠷᠡᠭᠳᠡᠢ᠃ ᠲᠤᠰᠬᠠᠢ | ᠴᠡᠭᠴᠡᠯᠡᠨ ᠵᠠᠰᠠᠬᠤ ᠭᠡᠬᠦ ᠵᠠᠩᠭᠢᠯᠠᠭ᠎ᠠ ᠶᠢᠨ ᠭᠠᠷᠳᠠᠴᠠ ᠶᠢ ᠲᠤᠪᠤᠶᠢᠯᠭᠠᠵᠦ᠂ ᠬᠤᠷᠴᠡ ᠮᠡᠰᠡ ᠵᠢᠩᠭᠢᠨᠢ ᠰᠤᠮᠤ ᠪᠠᠷ᠂ | ᠦᠨᠡᠨ ᠪᠤᠳᠠᠳᠠᠢ ᠬᠢᠵᠤ᠂ ᠬᠠᠳᠠᠭᠤ ᠲᠠᠢ ᠨᠢ ᠬᠠᠯᠳᠠᠵᠤ᠂ ᠨᠠᠶᠢᠳᠠᠮ ᠠᠩᠬᠠᠷᠤᠨ ᠲᠦᠢᠯᠪᠤᠷᠢᠳᠠᠢ ᠠᠳᠬᠤᠵᠦ᠂ | ᠴᠠᠯᠠᠭᠠᠢᠢᠷᠠᠵᠦ ᠤᠳᠠᠭᠠᠰᠢᠷᠠᠭᠤᠯᠬᠤ ᠦᠭᠡᠢ᠂ ᠡᠪᠯᠡᠭᠦᠯᠵᠦ ᠠᠷᠭᠠᠴᠠᠭᠠᠬᠤ ᠦᠭᠡᠢ᠂ ᠶᠠᠩᠵᠤᠯᠠᠵᠦ ᠤᠪᠯᠠᠬᠤ ᠦᠭᠡᠢ᠂ | ᠲᠦᠯᠭᠢᠵᠦ ᠲᠠᠳᠠᠬᠤ ᠦᠭᠡᠢ᠂ ᠦᠡᠭᠭᠡᠨ ᠲᠡᠭᠡᠷ᠎ᠠ ᠨᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠬ ᠴᠡᠭᠴᠡᠯᠡᠨ | ᠰᠠᠶᠢᠵᠢᠷᠠᠭᠤᠯᠬᠤ᠂ ᠴᠠᠭᠠᠰᠤᠨ ᠲᠡᠭᠡᠷ᠎ᠠ ᠯᠡ ᠴᠡᠭᠴᠡᠯᠡᠨ ᠰᠠᠶᠢᠵᠢᠷᠠᠭᠤᠯᠬᠤ ᠶᠢ ᠰᠡᠷᠭᠡᠶᠢᠯᠡᠨ ᠵᠤᠭᠰᠤᠭᠠᠬᠤ ᠬᠡᠷᠡᠭᠳᠡᠢ᠃ | ᠬᠡᠯᠪᠡᠷᠢᠴᠢ ᠦᠵᠡᠯ ᠢ ᠲᠡᠪᠴᠢᠬᠦ ᠶᠠᠪᠤᠳᠠᠯ ᠢ ᠪᠦᠬᠦ᠋ᠢᠯᠡ ᠶᠠᠪᠤᠴᠠ ᠳᠤ ᠲᠤᠭᠤᠰᠢᠯᠠᠭᠤᠯᠵᠤ᠂ ︽ᠦᠨᠳᠦᠰᠦᠨ ᠱᠠᠳᠤᠨ | ᠤ ᠲᠠᠷᠤᠭᠠᠰᠤ ᠶᠢ ᠬᠦᠡᠭᠭᠡᠷᠡᠬᠦᠯᠬᠦ ᠣᠨ︾ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠵᠢᠯᠤᠭᠤᠳᠬᠤ ᠶᠢᠨ ᠰᠢᠨᠵᠢᠯᠡᠬᠦ ᠤᠬᠠᠭᠠᠨᠴᠢ ᠴᠢᠨᠠᠷ᠂ ᠤᠨᠤᠴᠠᠳᠠᠢ | ᠬᠡᠮᠵᠢᠶ᠎ᠠ ᠶᠢ ᠴᠢᠩᠭᠠᠳᠬᠠᠵᠤ᠂ ᠨᠢᠬᠡ ᠲᠠᠯ᠎ᠠ ᠪᠠᠷ ᠬᠡᠯᠪᠡᠷᠢᠴᠢ ᠦᠵᠡᠯ ᠢ ᠲᠠᠪᠴᠢᠵᠤ ᠨᠦᠬᠦᠬᠡ ᠲᠠᠯ᠎ᠠ ᠪᠠᠷ ᠰᠠᠨᠠᠮᠰᠠᠷ | ᠦᠬᠡᠢ ᠪᠠᠷ ᠬᠡᠯᠪᠡᠷᠢᠴᠢ ᠦᠵᠡᠯ ᠢ ᠡᠷᠬᠢᠮᠯᠡᠵᠤ ᠤᠬᠳᠤ ᠪᠤᠯᠬᠤ ᠦᠬᠡᠢ᠃ ᠲᠤᠰᠬᠠᠢ ᠴᠡᠭᠴᠡᠯᠡᠨ ᠵᠠᠰᠠᠬᠤ ᠠᠵᠢᠯ ᠢ | ᠡᠯ᠎ᠡ ᠵᠦᠢᠯ ᠤᠨ ᠬᠢᠨᠠᠯᠳᠠ ᠲᠠᠯᠪᠢᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠨᠢᠬᠡᠳᠦᠯᠳᠡᠢ | ᠲᠦᠯᠦᠪᠵᠢᠬᠦᠯᠵᠤ᠂ ᠲᠡᠬᠦᠯᠳᠡᠷᠵᠢᠬᠦᠯᠬᠦ ᠴᠢᠬᠤᠯᠠᠳᠠᠢ ᠪᠠᠶᠢᠭᠤᠯᠤᠮᠵᠢ ᠲᠤᠬᠳᠠᠴᠠ ᠪᠠᠨ ᠲᠡᠬᠦᠯᠳᠡᠷᠵᠢᠬᠦᠯᠵᠤ᠂ | ᠨᠦᠬᠦᠪᠤᠷᠢᠯᠡᠬᠦ ᠴᠢᠬᠤᠯᠠᠳᠠᠢ ᠲᠤᠳᠠᠭᠤᠳᠠᠯ ᠢᠶᠠᠨ ᠰᠠᠶᠢᠳᠤᠷ ᠨᠦᠬᠦᠪᠤᠷᠢᠯᠡᠵᠤ᠂ ᠰᠢᠬᠦᠮᠵᠢᠯᠡᠪᠠᠰᠤ ᠵᠤᠬᠢᠬᠤ ᠵᠦᠢᠯ ᠢ | ᠨᠠᠷᠢᠨ ᠬᠢᠨᠠᠮᠠᠭᠠᠢ ᠰᠢᠬᠦᠮᠵᠢᠯᠡᠵᠦ᠂ ᠰᠢᠢᠳᠪᠦᠷᠢᠯᠡᠪᠠᠰᠤ ᠵᠤᠬᠢᠬᠤ ᠵᠦᠢᠯ ᠢ ᠡᠷᠡᠰ ᠰᠢᠢᠳᠪᠦᠷᠢᠯᠡᠵᠦ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠠ ᠠᠰᠢᠭ ᠢ ᠨᠡᠮᠡᠭᠳᠡᠬᠦᠯᠤᠨ᠂ ᠶᠡᠷᠦᠩᠬᠡᠶᠢᠯᠡᠭᠰᠡᠨ ᠨᠦᠯᠦᠬᠡ ᠲᠤᠰᠬᠠᠯ ᠢ ᠪᠤᠢ ᠪᠤᠯᠭᠠᠬᠤ | ᠬᠡᠷᠡᠭᠳᠡᠢ᠃ ᠡᠯ᠎ᠡ ᠱᠠᠳᠤᠨ ᠤ ᠤᠳᠤᠷᠢᠳᠬᠤ ᠺᠠᠳ᠋ᠷ ᠡᠷᠭᠡᠪᠰᠢ ᠤᠬ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠵᠦ᠂ ᠪᠡᠶ᠎ᠠ ᠪᠠᠷ ᠢᠶᠠᠨ ᠲᠦᠷᠦᠬᠦᠯᠡᠨ ︽ᠲᠦᠷᠪᠡᠨ ᠤᠬᠠᠮᠰᠠᠷ︾ ᠢᠶᠠᠨ ᠴᠢᠩᠭᠠᠤᠨᠬᠠᠵᠤ᠂ ︽ᠲᠦᠷᠪᠡᠨ | ᠢᠳᠡᠬᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠬᠦᠮᠵᠢᠯᠡᠯ ᠪᠠ ᠦᠪᠡᠷ ᠤᠨ | ᠰᠢᠬᠦᠮᠵᠢᠯᠡᠯ ᠢ ᠲᠦᠷᠦᠬᠦᠯᠡᠨ ᠬᠢᠵᠤ᠂ ᠦᠨᠡᠨ ᠶᠤᠰᠤ ᠶᠢ ᠪᠠᠷᠢᠮᠳᠠᠯᠠᠨ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠨᠢᠬᠡ | ᠰᠡᠳᠬᠢᠯ ᠨᠢᠭᠡ ᠵᠤᠷᠢᠭ ᠢᠶᠠᠷ ᠠᠷᠠᠳ ᠤᠨ ᠲᠦᠯᠦᠬᠡ ᠪᠠᠶᠢᠬᠤ ᠶᠢ ᠪᠠᠷᠢᠮᠳᠠᠯᠠᠬᠤ᠂ ᠰᠢᠯᠢᠳᠡᠭ ᠭᠡᠪ ᠰᠤᠷᠳᠠᠯ ᠢ | ᠪᠠᠳᠠᠷᠠᠭᠤᠯᠬᠤ᠂ ᠲᠡᠮᠡᠴᠡᠯ ᠤᠨ ᠵᠤᠷᠢᠬ ᠰᠠᠨᠠᠭ᠎ᠠ ᠪᠠᠨ ᠪᠠᠳᠠᠷᠠᠭᠤᠯᠬᠤ ᠵᠡᠷᠭᠡ ᠲᠠᠯ᠎ᠠ ᠪᠠᠷ ᠦᠨᠡᠨ ᠬᠦ ᠦᠯᠢᠬᠡᠷ | ᠲᠠᠭᠤᠷᠢᠶᠠᠯ ᠦᠵᠡᠬᠦᠯᠵᠦ᠂ ᠵᠢᠱᠢᠶ᠎ᠠ ᠦᠵᠡᠬᠦᠯᠦᠨ ᠬᠦᠳᠤᠯᠤᠨ ᠳᠠᠭᠠᠭᠤᠯᠬᠤ ᠦᠢᠯᠡᠳᠦᠯ ᠢᠶᠠᠨ ᠬᠦᠢᠴᠡᠳ | ᠪᠠᠳᠠᠷᠠᠭᠤᠯᠬᠤ ᠬᠡᠷᠡᠭᠳᠡᠢ ᠬᠡᠵᠦ ᠴᠢᠬᠤᠯᠠᠴᠢᠯᠠᠵᠠᠢ᠃ | ᠪᠦᠬᠦᠳᠡ ᠬᠤᠷᠠᠯ ᠠᠴᠠ᠂ ᠰᠢᠨ᠎ᠠ ᠴᠠᠬ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ | ᠱᠠᠭᠠᠷᠳᠠᠯᠭ᠎ᠠ ᠶᠢ ᠬᠦᠨᠵᠡᠬᠡᠢ ᠲᠤᠭᠤᠰᠢᠯᠠᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠶᠡᠷᠦᠩᠬᠡᠶᠢᠯᠡᠨ | ᠵᠢᠯᠤᠭᠤᠳᠤᠭᠤᠯᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠤᠷᠤᠨ | ᠤ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠬᠦ ᠬᠡᠷᠡᠭᠳᠡᠢ᠃ ᠤᠨᠤᠯ ᠤᠨ | ᠵᠡᠪᠰᠡᠭᠯᠡᠯ ᠢᠶᠠᠨ ᠴᠢᠩᠭᠠᠷᠠᠭᠤᠯᠤᠨ᠂ ᠦᠨᠡᠨᠴᠢ ᠰᠢᠳᠤᠷᠭᠤ ᠠᠷᠢᠭᠤᠨ ᠴᠢᠬᠡᠴᠢ ᠡᠬᠦᠷᠬᠡ ᠬᠠᠷᠢᠭᠤᠴᠠᠯᠭ᠎ᠠ ᠲᠠᠢ | ᠦᠨᠳᠦᠷ ᠬᠡᠪ ᠪᠤᠯᠪᠠᠰᠤᠷᠠᠯ ᠲᠠᠢ ᠺᠠᠳ᠋ᠷᠴᠤᠳ ᠤᠨ ᠡᠩᠨᠡᠭᠡ ᠶᠢ ᠪᠠᠶᠢᠭᠤᠯᠵᠤ᠂ ᠡᠯ᠎ᠡ ᠬᠦᠷᠢᠶᠡᠨ ᠤ ᠦᠨᠳᠦᠰᠦᠨ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠵᠤ᠂ ᠰᠤᠷᠳᠠᠯ ᠢ ᠴᠡᠭᠴᠡᠯᠡᠨ | ᠰᠠᠬᠢᠯᠭ᠎ᠠ ᠪᠠᠳᠤ ᠶᠢ ᠴᠢᠩᠳᠠᠯᠠᠬᠤ ᠶᠢ ᠤᠳᠠᠭᠠᠨ ᠲᠠᠭᠠᠭᠠᠮᠠᠭᠠᠢ ᠪᠠᠷᠢᠮᠳᠠᠯᠠᠵᠤ᠂ ᠢᠯᠵᠠᠷᠠᠬᠤ ᠠᠴᠠ ᠵᠢᠷᠤᠭᠡᠰᠢᠶᠡᠬᠦ᠂ | ᠢᠯᠵᠠᠷᠠᠵᠤ ᠪᠤᠯᠬᠤ ᠦᠬᠡᠢ᠂ ᠢᠯᠵᠠᠷᠠᠬᠤ ᠶᠢ ᠪᠤᠳᠤᠬᠤ ᠦᠬᠡᠢ ᠪᠠᠶᠢᠬᠤ ᠶᠢ ᠨᠢᠬᠡ ᠴᠤᠬᠴᠠ ᠳᠤᠨᠢ ᠠᠬᠢᠭᠤᠯᠤᠨ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠬᠡᠢ ᠬᠦᠨᠵᠡᠬᠡᠶᠢᠷᠡᠬᠦᠯᠦᠨ ᠬᠦᠭᠵᠢᠬᠦᠯᠬᠦ ᠶᠢ | ᠠᠬᠢᠭᠤᠯᠬᠤ ᠬᠡᠷᠡᠭᠳᠡᠢ᠃ ᠴᠢᠩᠭ᠎ᠠ ᠬᠠᠮᠢᠶᠠᠷᠬᠤ ᠪᠤᠯᠤᠨ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ | ᠵᠤᠷᠢᠬᠵᠢᠭᠤᠯᠬᠤ ᠬᠢᠬᠡᠳ ᠬᠢᠵᠠᠭᠠᠷᠯᠠᠬᠤ ᠶᠢ ᠵᠡᠷᠬᠡ ᠳᠤᠨᠢ ᠴᠢᠬᠤᠯᠠᠴᠢᠯᠠᠬᠤ ᠶᠢ ᠪᠠᠷᠢᠮᠳᠠᠯᠠᠨ᠂ ᠢᠯᠡ ᠲᠤᠳᠤᠷᠬᠠᠢ | ᠪᠤᠳᠠᠳᠤ ᠠᠵᠢᠯ ᠬᠢᠬᠦ ᠤᠳᠤᠷᠢᠳᠤᠮᠵᠢ ᠶᠢ ᠪᠤᠢ ᠪᠤᠯᠭᠠᠵᠤ᠂ ᠲᠤᠷ᠎ᠠ ᠪᠠᠷ ᠢᠶᠠᠨ ᠠᠵᠢᠯ ᠬᠢᠬᠦ ᠶᠢ ᠬᠤᠷᠢᠬᠯᠠᠨ᠂ ᠡᠬᠦᠷᠭᠡ | ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠪᠤᠳᠠᠳᠤ ᠠᠵᠢᠯ ᠬᠢᠵᠦ ᠦᠢᠯᠡᠰ ᠪᠤᠰᠬᠠᠬᠤ ᠶᠢ | ᠵᠤᠷᠢᠬᠵᠢᠭᠤᠯᠤᠨ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠤᠨ ᠢᠳᠡᠪᠬᠢᠵᠢᠯ ᠢ ᠬᠦᠢᠴᠡᠳ ᠲᠠᠶᠢᠴᠢᠯᠠᠵᠤ᠂ | ᠰᠢᠨ᠎ᠠ ᠴᠠᠬ ᠦᠶ᠎ᠠ ᠳᠤ ᠭᠠᠪᠢᠶ᠎ᠠ ᠪᠠᠶᠢᠭᠤᠯᠤᠨ᠂ ᠰᠢᠨ᠎ᠠ ᠠᠵᠢᠯ ᠤᠨ ᠠᠮᠵᠢᠯᠳᠠ ᠭᠠᠷᠭᠠᠬᠤ ᠪᠠᠷ ᠲᠡᠮᠡᠴᠡᠬᠦ ᠦᠳᠭᠡᠨ | ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ ᠬᠡᠵᠦ ᠴᠢᠬᠤᠯᠠᠴᠢᠯᠠᠵᠠᠢ᠃ | ᠪᠦᠬᠦᠳᠡ ᠬᠤᠷᠠᠯ ᠠᠴᠠ᠂ ᠪᠦᠬᠦ ᠤᠷᠤᠨ ᠤ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠴᠤᠬ ᠰᠦᠯᠳᠠ ᠪᠠᠨ | ᠪᠠᠳᠠᠷᠠᠭᠤᠯᠤᠨ ᠡᠷᠴᠢ ᠵᠤᠷᠢᠭ ᠢᠶᠠᠨ ᠬᠦᠪᠴᠢᠯᠡᠵᠤ᠂ ᠠᠷᠠᠳ ᠲᠦᠮᠡᠨ ᠳᠡᠭᠡᠨ ᠬᠠᠶᠢᠷ᠎ᠠ ᠰᠡᠳᠬᠢᠯᠬᠡ ᠲᠠᠢ ᠪᠠᠶᠢᠬᠤ | ᠰᠡᠳᠬᠢᠯᠬᠡ ᠶᠢ ᠡᠪᠤᠷᠯᠡᠨ᠂ ᠪᠤᠳᠠᠳᠠᠢ ᠶᠢ ᠡᠷᠬᠢᠮᠯᠡᠬᠦ ᠬᠡᠪ ᠰᠤᠷᠳᠠᠯ ᠢ ᠪᠤᠢ ᠪᠤᠯᠭᠠᠨ᠂ ᠤᠬᠠᠮᠰᠠᠷ ᠠᠴᠠ ᠪᠠᠨ ᠡᠬᠦᠷᠭᠡ | ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠢᠬᠡᠴᠢ ᠲᠦᠪ ᠭᠤᠤᠯᠴᠢ ᠪᠠᠶᠢᠬᠤ ᠶᠢ | ᠪᠠᠷᠢᠮᠳᠠᠯᠠᠨ᠂ ︽ᠲᠡᠰᠪᠤᠷᠢ ᠬᠠᠳᠠᠭᠤᠵᠢᠯᠳᠠᠢ ᠲᠠᠮᠡᠴᠡᠬᠦ᠂ ᠴᠤᠴᠡᠯᠳᠠ ᠦᠭᠡᠢ ᠤᠷᠤᠭᠰᠢᠯᠠᠬᠤ᠂ ᠬᠠᠷᠠᠯᠳᠠ ᠳᠠᠭᠠᠨ | ᠬᠦᠷᠬᠦ ᠪᠠᠷ ᠴᠦᠬᠦᠷᠡᠰᠢ ᠦᠭᠡᠢ ᠴᠢᠷᠮᠠᠶᠢᠬᠤ︾ ᠮᠤᠩᠭᠤᠯ ᠮᠤᠷᠢᠨ ᠤ ᠵᠤᠷᠢᠬ ᠰᠠᠨᠠᠭ᠎ᠠ ᠶᠢ ᠪᠠᠳᠠᠷᠠᠭᠤᠯᠤᠨ᠂ | ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠠᠯᠠᠬᠦᠯᠬᠦ ᠶᠢᠨ ᠲᠤᠳᠠᠭᠤᠳᠠᠯ ᠪᠠ ᠪᠠᠭᠤᠷᠠᠢ ᠲᠠᠯ᠎ᠠ ᠳᠤ ᠠᠩᠬᠠᠷᠤᠯ ᠢᠶᠠᠨ | ᠲᠦᠪᠯᠡᠷᠡᠬᠦᠯᠦᠨ ᠤᠨᠢᠨ ᠲᠡᠭᠡᠷ᠎ᠡ ᠨᠢ ᠪᠤᠭᠤᠮᠳᠠ ᠰᠢᠪᠳᠤᠯᠵᠤ᠂ ᠬᠦᠨᠳᠦ ᠴᠢᠬᠤᠯᠠ ᠪᠠᠶᠢᠯᠳᠤᠬᠤ ᠪᠤᠳᠤᠯᠭ᠎ᠠ ᠶᠢᠨ | ᠠᠵᠠ ᠲᠤᠬᠢᠶᠠᠯ ᠢ ᠰᠠᠶᠢᠳᠤᠷ ᠠᠰᠢᠬᠯᠠᠨ ᠨᠡᠬᠡᠬᠡᠯᠳᠡ ᠬᠢᠵᠦ ᠰᠢᠨ᠎ᠠ ᠰᠢᠪᠳᠤᠯᠤᠯᠳᠠ ᠭᠠᠷᠭᠠᠬᠤ ᠪᠠᠷ ᠴᠢᠷᠮᠠᠶᠢᠵᠤ᠂ | ᠪᠦᠳᠦᠮᠵᠢᠳᠡᠢ ᠪᠡᠯᠡ ᠤᠷᠤᠭᠤᠯᠤᠯᠳᠠ ᠶᠢ ᠦᠷᠬᠡᠳᠬᠡᠨ ᠠᠵᠤ ᠠᠬᠤᠢ ᠶᠢᠨ ᠲᠤᠬᠳᠠᠭᠤᠨ ᠡᠷᠬᠢᠯᠳᠠ ᠶᠢ ᠠᠬᠢᠭᠤᠯᠵᠤ᠂ | ᠨᠡᠶᠢᠬᠡᠮ ᠤᠨ ᠠᠮᠤᠷ ᠲᠤᠬᠳᠠᠭᠤᠨ ᠢ ᠬᠠᠮᠠᠭᠠᠯᠠᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠠᠵᠤ ᠠᠬᠤᠢ | ᠨᠡᠶᠢᠬᠡᠮ ᠤᠨ ᠬᠦᠭᠵᠢᠯᠳᠡ ᠶᠢᠨ ᠵᠠᠩᠬᠢᠯᠠᠭ᠎ᠠ ᠶᠢᠨ ᠡᠬᠦᠷᠬᠡ ᠠᠷᠭ᠎ᠠ ᠬᠡᠮᠵᠢᠶ᠎ᠠ ᠶᠢ ᠰᠠᠶᠢᠳᠤᠷ ᠠᠳᠬᠤᠵᠤ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ ᠦᠷ᠎ᠡ | ᠪᠦᠳᠤᠮᠵᠢ ᠭᠠᠷᠭᠠᠬᠤ ᠶᠢ ᠠᠬᠢᠭᠤᠯᠬᠤ ᠭᠡᠷᠡᠭᠳᠡᠢ ᠭᠡᠵᠤ ᠱᠠᠭᠠᠷᠳᠠᠪᠠ᠃ | ᠪᠦᠬᠦᠳᠠ ᠬᠤᠷᠠᠯ ᠠᠴᠠ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ | ᠦᠷᠬᠡᠨ ᠤᠯᠠᠨ ᠨᠠᠮ ᠤᠨ ᠬᠡᠰᠢᠬᠦᠨ ᠺᠠᠳ᠋ᠷ ᠰᠢ ᠶᠢᠨ ᠫᠢᠩ ᠨᠦᠬᠦᠷ ᠢᠢᠡᠷ ᠭᠤᠤᠯ ᠪᠤᠯᠭᠠᠬᠰᠠᠨ ᠨᠠᠮ ᠤᠨ ᠲᠦᠪ | ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ | ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ | ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠦᠪᠦᠷ ᠮᠤᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠰᠡᠯ ᠨᠠᠶᠢᠳᠠᠯᠭ᠎ᠠ ᠶᠢ ᠨᠢ ᠪᠠᠳᠤ ᠴᠡᠬᠡᠵᠢᠯᠡᠵᠦ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠷᠴᠢ ᠵᠤᠷᠢᠭ ᠢᠶᠠᠨ ᠬᠦᠪᠴᠢᠯᠡᠵᠤ | ᠡᠯ᠎ᠡ ᠵᠦᠢᠯ ᠤᠨ ᠠᠵᠢᠯ ᠢᠶᠠᠨ ᠵᠤᠷᠢᠬᠳᠠᠢ ᠰᠠᠶᠢᠨ ᠬᠢᠵᠦ᠂ ᠰᠢᠯᠢᠳᠡᠭ ᠠᠮᠵᠢᠯᠳᠠ ᠪᠠᠷ ᠢᠶᠠᠨ ᠪᠦᠬᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠵᠦ᠂ ᠦᠵᠡᠰᠬᠦᠯᠡᠩᠳᠦ ᠰᠠᠶᠢᠬᠠᠨ | ᠦᠪᠦᠷ ᠮᠣᠩᠭᠤᠯ ᠢᠶᠠᠨ ᠪᠦᠳᠤᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠦ ᠪᠠᠨ ᠬᠠᠮᠳᠤ ᠪᠠᠷ | ᠲᠡᠷᠬᠡᠯᠰᠢᠬᠦᠯᠬᠦ ᠳᠤ ᠰᠢᠨ᠎ᠠ ᠬᠤᠪᠢ ᠨᠡᠮᠡᠷᠢ ᠦᠵᠡᠭᠦᠯᠦᠶ᠎ᠡ ᠬᠡᠵᠦ ᠤᠷᠢᠶᠠᠯᠠᠪᠠ᠃ | | | | | | | | | | | | | | | |