ᠰᠢᠯᠢ ᠶᠢᠨ ᠭᠤᠤᠯ ᠠᠶᠢᠮᠠᠭ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ ᠦᠨᠳᠦᠰᠦᠲᠡᠨ ᠤ ᠡᠮ ᠡᠮᠨᠡᠯᠭᠡ ᠶᠢᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2019/8/16
     ᠰᠢᠯᠢ ᠶᠢᠨ ᠭᠤᠤᠯ ᠠᠶᠢᠮᠠᠭ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠦᠶᠯᠡᠴᠢᠯᠡᠭᠡᠨ ᠤ ᠰᠢᠰᠲ᠋ᠧᠮᠵᠢ ᠶᠢ ᠪᠦᠷᠢᠨ ᠪᠠᠶᠢᠭᠤᠯᠤᠨ ᠲᠡᠬᠦᠯᠳᠡᠷᠵᠢᠬᠦᠯᠪᠠ᠃ ᠣᠳᠣᠬᠠᠨ ᠳᠤ᠂ ᠠᠯᠪᠠᠨ ᠠᠴᠠ ᠪᠠᠶᠢᠭᠤᠯᠣᠭᠰᠠᠨ ᠮᠣᠩᠭᠤᠯ ᠬᠢᠲᠠᠳ ᠡᠮᠨᠡᠯᠭᠡ ᠎ ᠶᠢᠨ ᠬᠤᠷᠢᠶ᠎ᠠ 12 ︵ᠡᠭᠦᠨ ᠳᠤ ᠭᠤᠷᠪᠠᠳᠤᠭᠠᠷ ᠲᠡᠰ ᠤᠨ ᠬᠥᠬᠡ ᠲᠡᠰ ᠤᠨ ᠡᠮᠨᠡᠯᠭᠡ ᠶᠢᠨ ᠬᠤᠷᠢᠶ᠎ᠠ 1᠂ ᠬᠤᠶᠠᠳᠤᠭᠠᠷ ᠲᠡᠰ ᠤᠨ ᠬᠥᠬᠡ ᠲᠡᠰ ᠤᠨ ᠡᠮᠨᠡᠯᠭᠡ ᠶᠢᠨ ᠬᠤᠷᠢᠶ᠎ᠠ 5 ᠪᠣᠶ︶ ᠪᠠᠶᠢᠵᠤ᠂ 1314 ᠣᠷᠣ ᠲᠣᠬᠢᠷᠠᠭᠤᠯᠣᠨ᠂ ᠮᠣᠩᠭᠤᠯ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯᠲᠠᠨ 1854 ᠬᠥᠮᠦᠨ ᠪᠠᠶᠢᠵᠤ᠂ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠨᠢ ᠡᠮ ᠡᠮᠨᠡᠯᠭᠡ ᠶᠢᠨ ᠠᠵᠢᠯᠲᠠᠨ ᠤ 72.4%᠎ ᠶᠢ ᠡᠵᠡᠯᠡᠵᠦ ᠪᠠᠶᠢᠨ᠎ᠠ︔ 14 ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ 6 ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠪᠠᠶᠢᠭᠤᠯᠣᠮᠵᠢ ᠳᠤ ᠮᠣᠩᠭᠤᠯ ᠬᠢᠲᠠᠳ ᠡᠮᠨᠡᠯᠭᠡ ᠶᠢᠨ ᠰᠠᠯᠠᠭ᠎ᠠ ᠲᠣᠬᠢᠷᠠᠭᠤᠯᠵᠤ᠂ ᠮᠣᠩᠭᠤᠯ ᠡᠮᠨᠡᠯᠭᠡ ᠶᠢᠨ ᠣᠷᠳᠣᠨ ᠬᠢᠲᠠᠳ ᠡᠮᠨᠡᠯᠭᠡ ᠶᠢᠨ ᠣᠷᠳᠣᠨ 66᠎ ᠶᠢ ᠪᠠᠶᠢᠭᠤᠯᠪᠠ᠃ 2018 ᠣᠨ ᠳᠤ ᠡᠭᠦᠳᠡᠨ ᠡᠮᠨᠡᠯᠭᠡ ᠳᠤ 135.7 ᠲᠦᠮᠡᠨ ᠬᠥᠮᠦᠨ ᠤᠳᠠᠭ᠎ᠠ ᠡᠪᠡᠳᠴᠢᠨ ᠦᠵᠡᠬᠦᠯᠵᠤ᠂ ᠡᠮᠨᠡᠯᠭᠡ ᠳᠤ 3.7 ᠲᠦᠮᠡᠨ ᠬᠦᠮᠦᠨ ᠤᠳᠠᠭ᠎ᠠ ᠰᠠᠭᠤᠵᠤ᠂ ᠡᠮᠨᠡᠯᠭᠡ ᠳᠤ ᠳᠣᠮᠳᠠᠴᠢ ᠪᠠᠷ 10.9 ᠡᠳᠣᠷ ᠰᠠᠭᠤᠵᠡᠢ᠃ ᠬᠢᠲᠠᠳ ᠡᠮᠨᠡᠯᠭᠡ ᠶᠢᠨ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠡᠪᠡᠳᠴᠢᠨ ᠦᠵᠡᠬᠦᠯᠦᠭᠴᠢ ᠡᠬᠦᠳᠡᠨ ᠡᠮᠨᠡᠯᠭᠡ ᠶᠢᠨ ᠶᠡᠷᠦᠩᠬᠡᠶ ᠬᠡᠮᠵᠢᠶᠠᠨ ᠤ 32.15%᠎ ᠶᠢ ᠡᠵᠡᠯᠡᠨ᠂ ᠡᠭᠦᠳᠡᠨ ᠡᠮᠨᠡᠯᠭᠡ ᠶᠢᠨ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠨᠣᠷᠮ᠎ᠠ ᠨᠢ 70%᠎ ᠠᠴᠠ ᠳᠡᠭᠡᠭᠰᠢ ᠳᠤ ᠬᠦᠷᠴᠣ᠂ ᠡᠮᠨᠡᠯᠭᠡ ᠎ ᠳᠤ ᠰᠠᠭᠤᠬᠤ ᠮᠣᠩᠭᠤᠯ ᠬᠢᠲᠠᠳ ᠡᠮ ᠡᠮᠨᠡᠯᠭᠡ ᠪᠠᠷ ᠡᠮᠴᠢᠯᠡᠬᠦᠯᠦᠭᠰᠡᠨ ᠨᠣᠷᠮ᠎ᠠ 60%᠎ ᠳᠤ ᠬᠦᠷᠴᠣ᠂ ᠮᠣᠩᠭᠤᠯ ᠬᠢᠲᠠᠳ ᠡᠮᠨᠡᠯᠭᠡ ᠶᠢᠨ ᠡᠮ ᠤᠨ ᠪᠤᠰᠤ ᠡᠮᠴᠢᠯᠡᠭᠡᠨ ᠤ ᠨᠣᠷᠮ᠎ᠠ 15%᠎ ᠠᠴᠠ ᠳᠡᠭᠡᠭᠰᠢ ᠳᠤ ᠬᠦᠷᠣᠭ᠍ᠰᠡᠨ ᠪᠠᠶᠢᠨ᠎ᠠ᠃ ᠢᠩᠬᠢᠬᠡᠳ ᠰᠢᠯᠢ ᠶᠢᠨ ᠭᠤᠤᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠪᠠᠷ ᠲᠤᠯᠤᠭᠠᠶᠢᠯᠠᠭᠤᠯᠤᠭᠰᠠᠨ᠂ ᠬᠤᠰᠢᠭᠤ ᠰᠢᠶᠠᠨ ᠤ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠᠷ ᠭᠤᠤᠯᠯᠠᠭᠴᠢ ᠬᠦᠴᠦᠨ ᠪᠤᠯᠭᠠᠭᠰᠠᠨ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠢᠶᠠᠷ ᠬᠤᠯᠪᠣᠭᠠᠰᠤ ᠪᠤᠯᠭᠠᠭᠰᠠᠨ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠦᠷᠲᠡᠭᠡ ᠪᠠᠷ ᠲᠣᠤᠷ ᠰᠦᠯᠵᠢᠶᠡᠨ ᠤ ᠰᠠᠭᠤᠷᠢ ᠪᠣᠯᠭᠠᠭᠰᠠᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠲᠣᠤᠷ ᠤᠨ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠣᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号