ᠡᠷᠢᠶᠡᠨ ᠬᠤᠲᠠ ︽ᠭᠤᠷᠪᠠᠨ ᠰᠡᠷᠭᠡᠶᠢᠯᠡᠯᠲᠡ ᠶᠢᠨ ᠱᠤᠭᠤᠮ︾᠎ ᠤᠨ ᠬᠠᠯᠬᠠᠪᠴᠢ ᠪᠠᠶᠢᠭᠤᠯᠤᠨ ᠶᠠᠳᠠᠭᠤ ᠬᠦᠴᠢᠷᠳᠡᠯᠲᠡᠶ ᠡᠷᠦᠬᠡ ᠶᠢᠨ ᠳᠠᠬᠢᠨ ᠶᠠᠳᠠᠭᠤᠷᠠᠬᠤ ᠶᠢ ᠬᠤᠷᠢᠭᠯᠠᠵᠤ ᠪᠤᠢ
ᠨᠡᠶᠢᠲᠡᠯᠡᠭᠰᠡᠨ ᠴᠠᠭ᠄
2019/8/16
     ᠣᠷᠣᠯᠭ᠎ᠠ ᠪᠠᠭᠠᠲᠠᠢ ᠡᠷᠦᠬᠡ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠲᠥᠯᠥᠭᠡ᠂ ᠡᠷᠢᠶᠡᠨ ᠬᠤᠲᠠ ᠶᠠᠳᠠᠭᠤ ᠠᠴᠠ ᠠᠩᠭᠢᠵᠢᠷᠠᠭᠤᠯᠬᠤ ᠳᠤ ᠬᠠᠷᠢᠭᠤᠴᠠᠯᠭ᠎ᠠ ᠠᠴᠠ ᠰᠠᠯᠬᠤ ᠥᠬᠡᠶ᠂ ᠲᠥᠷᠥ ᠶᠢᠨ ᠪᠣᠳᠣᠯᠭ᠎ᠠ ᠠᠴᠠ ᠰᠠᠯᠬᠤ ᠥᠬᠡᠶ᠂ ᠬᠠᠪᠰᠤᠷᠤᠨ ᠲᠡᠳᠬᠦᠬᠦ ᠠᠴᠠ ᠰᠠᠯᠬᠤ ᠥᠬᠡᠶ᠂ ᠬᠢᠨᠠᠯᠲᠠ ᠬᠠᠮᠢᠶᠠᠷᠤᠯᠲᠠ ᠠᠴᠠ ᠰᠠᠯᠬᠤ ᠥᠬᠡᠶ ᠪᠠᠶᠢᠬᠤ ᠶᠢ ᠪᠠᠷᠢᠮᠲᠠᠯᠠᠵᠤ᠂  ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠳᠠᠬᠢᠨ ᠶᠠᠳᠠᠭᠤᠷᠠᠬᠤ ᠶᠢ ᠬᠤᠷᠢᠭᠯᠠᠬᠤ ︽ᠭᠤᠷᠪᠠᠨ ᠰᠡᠷᠭᠡᠶᠢᠯᠡᠯᠲᠡ ᠶᠢᠨ ᠱᠤᠭᠤᠮ︾᠎ ᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠵᠠᠮ ᠳᠡᠭᠡᠷ᠎ᠡ ᠨᠢᠭᠡ ᠴᠦ ᠬᠥᠮᠦᠨ ᠬᠤᠴᠤᠷᠠᠭᠤᠯᠬᠤ ᠥᠬᠡᠶ ᠪᠠᠶᠢᠬᠤ ᠶᠢ ᠪᠠᠲᠤᠯᠠᠵᠤ ᠪᠠᠶᠢᠨ᠎ᠠ᠃      ᠨᠢᠭᠡ ᠳᠤ ᠬᠦᠴᠢᠷᠳᠡᠯ ᠢ ᠲᠤᠰᠠᠯᠠᠬᠤ ᠨᠠᠰᠤᠵᠢᠯ ᠤᠨ ᠠᠰᠠᠷᠠᠮᠵᠢ ᠶᠢᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠶᠠᠳᠠᠭᠤᠷᠠᠬᠤ ᠶᠢ ᠰᠡᠷᠭᠡᠶᠢᠯᠡᠬᠦ ᠳᠤ ᠠᠩᠬᠠᠷᠤᠯ ᠢᠶᠠᠨ ᠲᠠᠯᠪᠢᠵᠤ ᠳᠡᠮᠵᠢᠯᠭᠡ ᠦᠵᠡᠭᠦᠯᠪᠡ︔ ᠦᠷ᠎ᠡ ᠬᠡᠦᠬᠡᠳ ᠨᠢ ᠨᠠᠰᠤᠲᠠᠨ ᠢᠶᠠᠨ ᠠᠴᠢᠯᠠᠵᠤ ᠠᠰᠠᠷᠠᠬᠤ ᠭᠤᠤᠯ ᠴᠣᠭᠴᠠ ᠶᠢᠨ ᠦᠶᠯᠡᠳᠦᠯ ᠢ ᠨᠢ ᠪᠠᠳᠠᠷᠠᠭᠤᠯᠤᠨ᠂ ︽ᠠᠴᠢᠯᠠᠯ ᠡᠯᠪᠡᠷᠢᠯ ᠢᠶᠠᠷ ᠶᠠᠳᠠᠭᠤ ᠶᠢ ᠲᠡᠳᠬᠦᠬᠦ ᠬᠡᠷᠡᠭᠵᠢᠭᠦᠯᠬᠦ ᠲᠥᠰᠦᠯ︾᠎ ᠢ ᠨᠡᠶᠢᠲᠡᠯᠡᠵᠦ᠂ ᠠᠴᠢᠯᠠᠯ ᠦᠭᠡᠢ ᠦᠷ᠎ᠡ ᠬᠡᠦᠬᠡᠳ ᠢ ᠢᠳᠬᠠᠨ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠦᠨᠳᠦᠯᠡᠳᠡᠭ ᠦᠷ᠎ᠡ ᠬᠡᠦᠬᠡᠳ ᠢ ᠱᠠᠩᠨᠠᠨ ᠬᠥᠬᠢᠭᠦᠯᠵᠦ᠂ ᠪᠦᠬᠦ ᠬᠤᠲᠠ ᠶᠢᠨ ᠬᠡᠪᠴᠢᠶᠡᠨ ᠳᠤ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠬᠦᠨᠳᠦᠯᠡᠬᠦ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠪᠠ᠃      ᠬᠤᠶᠠᠷ ᠲᠤ ᠲᠥᠷᠥ ᠶᠢᠨ ᠪᠣᠳᠣᠯᠭ᠎ᠠ ᠪᠠᠷ ᠠᠪᠤᠷᠠᠨ ᠲᠤᠰᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ ᠨᠡᠶᠢᠭᠡᠮ ᠲᠣᠭᠤᠷᠢᠭ ᠡᠯ᠎ᠡ ᠭᠠᠴᠠᠭ᠎ᠠ ᠲᠣᠰᠬᠤᠨ ᠳᠤ ᠨᠢᠭᠡ ᠲᠤᠰᠬᠠᠶ ᠲᠤᠰᠢᠶᠠᠯᠲᠤ ᠨᠡᠶᠢᠭᠡᠮ ᠤᠨ ᠪᠠᠲᠤᠯᠠᠭᠴᠢ ᠲᠣᠬᠢᠷᠠᠭᠤᠯᠤᠨ᠂ ᠶᠠᠳᠠᠭᠤ ᠠᠴᠠ ᠠᠩᠭᠢᠵᠢᠷᠠᠭᠠᠳᠤᠶ ᠡᠷᠦᠬᠡ᠂ ᠶᠠᠳᠠᠭᠤ ᠠᠴᠠ ᠠᠩᠭᠢᠵᠢᠷᠠᠭᠤᠯᠬᠤ ᠲᠣᠭᠲᠠᠪᠤᠷᠢ ᠦᠭᠡᠢ ᠡᠷᠦᠬᠡ᠂ ᠳᠠᠭᠠᠳᠬᠠᠯ ᠬᠦᠷᠲᠡᠵᠦ ᠪᠠᠶᠢᠭ᠎ᠠ ᠬᠥᠮᠥᠰ᠂ ᠶᠠᠳᠠᠭᠤ ᠬᠦᠴᠢᠷᠳᠡᠯᠲᠡᠶ ᠪᠤᠰᠤ ᠪᠣᠯᠪᠠᠴᠣ ᠣᠷᠣᠯᠭ᠎ᠠ ᠪᠠᠭᠠᠲᠠᠢ ᠡᠷᠦᠬᠡ ᠶᠢ ᠬᠢᠨᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠭᠠᠷᠭᠠᠬᠤ ᠶᠣᠰᠣᠲᠠᠶ ᠶᠢ ᠨᠢ ᠴᠥᠮ ᠭᠠᠷᠭᠠᠬᠤ︾᠎ ᠶᠢ ᠪᠡᠶᠡᠯᠡᠭᠦᠯᠪᠡ᠃ ︽ᠪᠠᠴᠢᠮ ᠬᠦᠴᠢᠷᠳᠡᠯ ᠢ ᠠᠪᠤᠷᠠᠨ ᠲᠤᠰᠠᠯᠠᠬᠤ︾᠎ ᠶᠢ ᠴᠢᠩᠭᠠᠳᠬᠠᠵᠤ᠂ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ᠂ ᠬᠥᠮᠦᠨ ᠤ ᠪᠡᠶ᠎ᠡ ᠎ ᠶᠢᠨ ᠭᠡᠮᠲᠦᠯ᠂ ᠭᠡᠨᠡᠳᠲᠡ ᠶᠢᠨ ᠬᠦᠨᠳᠦ ᠶᠡᠭᠡ ᠡᠪᠡᠳᠴᠢᠨ ᠠᠴᠠ ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠡᠷᠦᠬᠡ ᠳᠤ ︽ᠤᠷᠢᠳᠠᠪᠠᠷ ᠠᠪᠤᠷᠠᠨ ᠲᠤᠰᠠᠯᠠᠵᠤ᠂ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠬᠡᠯᠪᠡᠷᠢ ᠠᠪᠴᠤ᠂ ᠲᠦᠷ ᠴᠠᠭ ᠠᠪᠤᠷᠠᠨ ᠲᠤᠰᠠᠯᠠᠵᠠᠢ︔ ︽ᠣᠨᠴᠠᠭᠠᠢ ᠠᠪᠤᠷᠠᠨ ᠲᠤᠰᠠᠯᠠᠬᠤ︾᠎ ᠶᠢ ᠴᠢᠩᠭᠠᠳᠬᠠᠵᠤ᠂ ᠠᠮᠢᠳᠤᠷᠠᠯ ᠨᠢ ᠬᠦᠨᠳᠦ ᠶᠡᠭᠡ ᠬᠦᠴᠢᠷᠳᠡᠯ ᠳᠤ ᠲᠤᠯᠭᠠᠷᠠᠭᠰᠠᠳ ᠲᠤ ᠠᠰ ᠠᠰ ᠢᠶᠠᠷ ᠨᠢ ᠵᠥᠪᠯᠡᠬᠦ ᠠᠷᠭ᠎ᠠ ᠬᠡᠯᠪᠡᠷᠢ ᠪᠠᠷ ᠠᠪᠤᠷᠠᠨ ᠲᠤᠰᠠᠯᠠᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠵᠡᠢ︔ ︽ᠵᠠᠷᠤᠯᠭ᠎ᠠ ᠪᠠᠷ ᠠᠪᠤᠷᠠᠨ ᠲᠤᠰᠠᠯᠠᠬᠤ︾᠎ ᠶᠢ ᠴᠢᠩᠭᠠᠷᠠᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠡᠮᠴᠢᠯᠡᠭᠡ᠂ ᠰᠤᠷᠭᠠᠨ ᠬᠥᠮᠦᠵᠢᠯ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡ ᠪᠦᠬᠦᠢ ᠵᠠᠷᠤᠯᠭ᠎ᠠ ᠨᠢ ᠭᠡᠨᠡᠳᠲᠡ ᠨᠡᠮᠡᠭᠳᠡᠭᠰᠡᠨ ᠠᠴᠠ ᠪᠣᠯᠵᠤ᠂ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠳᠤ ᠪᠣᠳᠠᠳᠤ ᠪᠠᠶᠢᠳᠠᠯ ᠢ ᠦᠨᠳᠦᠰᠦᠯᠡᠨ ᠶᠡᠷᠦᠩᠬᠡᠶᠢᠯᠡᠨ ᠠᠪᠤᠷᠠᠨ ᠲᠤᠰᠠᠯᠠᠬᠤ ᠠᠷᠭ᠎ᠠ ᠬᠡᠯᠪᠡᠷᠢ ᠪᠠ ᠠᠪᠤᠷᠠᠨ ᠲᠤᠰᠠᠯᠠᠬᠤ ᠪᠠᠷᠢᠮᠵᠢᠶ᠎ᠠ ᠶᠢ ᠵᠥᠪᠳᠡᠯᠴᠡᠨ ᠲᠣᠭᠲᠠᠭᠠᠵᠠᠢ︔ ︽ᠨᠢᠭᠦᠯᠡᠰᠦᠩᠭᠦᠶ ᠪᠠᠷ ᠠᠪᠤᠷᠠᠨ ᠲᠤᠰᠠᠯᠠᠬᠤ︾᠎ ᠶᠢ ᠴᠢᠩᠭᠠᠳᠬᠠᠵᠤ᠂ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠨᠡᠶᠢᠭᠡᠮ ᠤᠨ ᠬᠦᠴᠦᠨ ᠠᠴᠠ ᠪᠠᠯᠠ ᠴᠤᠭᠯᠠᠭᠤᠯᠬᠤ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠭᠦᠢᠴᠡᠳᠬᠡᠬᠦ︾ ᠵᠠᠭᠪᠤᠷ ᠢ ᠬᠡᠷᠡᠭᠯᠡᠨ᠂ ᠣᠯᠠᠨ ᠲᠤᠰᠬᠠᠶ ᠰᠠᠭᠤᠷᠢ ᠮᠥᠩᠭᠦ ᠪᠠᠶᠢᠭᠤᠯᠵᠤ᠂ ᠶᠠᠳᠠᠭᠤ ᠶᠢ ᠰᠡᠷᠭᠡᠶᠢᠯᠡᠵᠦ ᠬᠦᠴᠢᠷᠳᠡᠯ ᠢ ᠲᠤᠰᠠᠯᠠᠬᠤ ᠶᠢᠨ ᠬᠦᠴᠦᠲᠡᠶ ᠨᠥᠬᠦᠪᠥᠷᠢ ᠪᠣᠯᠭᠠᠵᠠᠢ᠃      ᠭᠤᠷᠪᠠ ᠳᠤ ᠳᠠᠭᠠᠳᠬᠠᠯ ᠤᠨ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ ᠮᠥᠩᠭᠦᠨ ᠭᠦᠶᠯᠭᠡᠭᠡᠨ ᠤ ᠳᠠᠭᠠᠳᠬᠠᠯ ᠤᠨ ᠶᠠᠳᠠᠭᠤᠷᠠᠬᠤ ᠶᠢ ᠰᠡᠷᠭᠡᠶᠢᠯᠡᠬᠦ ᠳᠤᠮᠳᠠᠬᠢ ᠬᠥᠰᠢᠭᠦᠷᠭᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠲᠤᠰᠬᠠᠶ ᠳᠠᠭᠠᠳᠬᠠᠯ ᠢ ᠲᠣᠭᠲᠠᠭᠠᠵᠤ᠂ ᠵᠠᠬ᠎ᠠ ᠳᠡᠯᠭᠡᠭᠦᠷ ᠤᠨ ᠲᠦᠭᠰᠢᠭᠦᠷᠢ ᠪᠠᠷ ᠨᠡᠯᠢᠶᠡᠳ ᠶᠡᠭᠡ ᠲᠠᠷᠢᠮᠠᠯ ᠤᠨ ᠦᠶᠯᠡᠰ᠂ ᠲᠡᠵᠢᠭᠡᠨ ᠦᠷᠡᠵᠢᠭᠦᠯᠬᠦ ᠦᠢᠯᠡᠰ ᠤᠨ ︽ᠦᠨ᠎ᠡ ᠬᠠᠩᠰᠢ︾᠎ ᠶᠢ ᠪᠠᠲᠤᠯᠠᠵᠤ᠂ ᠥᠪᠡᠷᠲᠡᠭᠡᠨ ᠡᠵᠡᠩᠨᠡᠯᠲᠡ ᠬᠢᠵᠦ᠂ ᠥᠪᠡᠷ ᠢ ᠪᠠᠨ ᠬᠥᠭᠵᠢᠭᠦᠯᠦᠭᠰᠡᠨ ᠮᠠᠯᠵᠢᠬᠤ ᠲᠠᠷᠢᠶᠠᠯᠠᠬᠤ ᠡᠷᠦᠬᠡ ᠶᠢᠨ ︽ᠰᠡᠳᠬᠢᠯ ᠢ ᠠᠮᠤᠷᠵᠢᠭᠤᠯᠪᠠ︾︔ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠳᠠᠭᠠᠳᠬᠠᠯ᠂ ᠨᠢᠭᠡ ᠲᠦᠬᠦᠷᠢᠭ ᠤᠨ ᠠᠷᠠᠳ ᠤᠨ ᠠᠮᠢᠳᠤᠷᠠᠯ ᠤᠨ ᠳᠠᠭᠠᠳᠬᠠᠯ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠡᠷᠦᠬᠡ ᠶᠢᠨ ᠭᠠᠮᠰᠢᠭ ᠠᠴᠠ ᠪᠣᠯᠤᠭᠰᠠᠨ ᠠᠮᠢᠳᠤᠷᠠᠯ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠩᠭᠡᠷᠡᠭᠦᠯᠵᠡᠢ︔ ᠬᠤᠲᠠ ᠶᠢᠨ ᠡᠳ᠋ ᠤᠨ ᠵᠠᠰᠠᠭ ᠠᠴᠠ ᠲᠤᠰᠬᠠᠢ ᠵᠦᠢᠯ ᠤᠨ ᠰᠠᠭᠤᠷᠢ ᠮᠥᠩᠭᠦ ᠲᠣᠬᠢᠷᠠᠭᠤᠯᠤᠨ᠂ ᠪᠦᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠳᠤ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠣᠯᠭᠤᠵᠤ᠂ ︽ᠬᠡᠨ ᠬᠡᠷᠡᠭᠯᠡᠪᠡᠯ ᠬᠡᠨ ᠣᠷᠣᠬᠤ᠂ ᠬᠡᠷᠡᠭᠴᠡᠭᠡ ᠲᠠᠢ ᠪᠣᠯ ᠵᠠᠪᠠᠯ ᠪᠠᠲᠤᠯᠠᠬᠤ︾ ᠵᠠᠷᠴᠢᠮ ᠢ ᠦᠨᠳᠦᠰᠦᠯᠡᠨ᠂ ᠡᠯ᠎ᠡ ᠵᠦᠢᠯ ᠤᠨ ᠠᠪᠤᠷᠠᠨ ᠲᠤᠰᠠᠯᠠᠯᠲᠠ ᠪᠠᠷ ᠳᠠᠮᠵᠢᠨ ᠮᠥᠨ ᠯᠡ ᠶᠠᠳᠠᠭᠤ ᠬᠦᠴᠢᠷᠳᠡᠯ ᠤᠨ ᠬᠦᠪᠡᠭᠡᠨ ᠳᠤ ᠪᠠᠶᠢᠬᠤ ᠪᠤᠶᠤ ᠶᠠᠳᠠᠭᠤ ᠬᠦᠴᠢᠷᠳᠡᠯ ᠤᠨ ᠱᠤᠭᠤᠮ ᠠᠴᠠ ᠪᠠᠭᠤᠭᠰᠠᠳ ᠲᠤ ᠬᠠᠨᠳᠤᠯᠭᠠᠲᠤ ᠴᠢᠨᠠᠷᠲᠠᠢ ᠳᠠᠭᠠᠳᠬᠠᠯ ᠤᠨ ᠠᠪᠤᠷᠠᠨ ᠲᠤᠰᠠᠯᠠᠯᠲᠠ ᠣᠯᠭᠤᠵᠤ᠂ ᠬᠠᠮᠤᠭ ᠰᠡᠭᠦᠯᠴᠢ ᠶᠢᠨ ᠪᠠᠲᠤᠯᠠᠨ ᠳᠠᠭᠠᠭᠠᠬᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠂ ᠳᠠᠬᠢᠨ ᠶᠠᠳᠠᠭᠤᠷᠠᠬᠤ᠂ ᠶᠠᠳᠠᠭᠤᠷᠠᠬᠤ ᠲᠦᠭᠰᠢᠭᠦᠷᠢ ᠶᠢ ᠲᠤᠶᠢᠯᠪᠤᠷᠢᠲᠠᠢ ᠠᠷᠢᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号