ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠮᠠᠨ ᠤ ᠣᠷᠣᠨ ᠤ ᠲᠡᠤᠬᠡ ᠰᠣᠶᠣᠯ ᠤᠨ ᠰᠢᠯᠢᠳᠡᠭ ᠥᠯᠡᠳᠡᠭᠳᠡᠯ ᠢ ᠨᠠᠩ ᠰᠠᠶᠢᠲᠤᠷ ᠬᠠᠮᠠᠭᠠᠯᠠᠵᠤ᠂ ᠲᠡᠤᠬᠡ | ᠰᠣᠶᠣᠯ ᠤᠨ ᠥᠪ ᠤᠨ ᠬᠠᠮᠠᠭᠠᠯᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠷᠠᠰᠢᠶᠠᠨ ᠬᠤᠲᠠ ᠶᠢᠨ ᠳ᠋ᠦᠩ ᠭᠸᠦ ᠯᠢ᠂ | ᠮᠠᠨᠵᠤᠤᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠵᠦᠩ ᠳ᠋ᠦᠩ ᠲᠡᠮᠦᠷ ᠵᠠᠮ ᠤᠨ ᠣᠷᠣᠰ ᠶᠠᠫᠣᠨ ᠤ | ᠪᠠᠷᠢᠯᠭ᠎ᠠ ᠨᠤᠭᠤᠳ ᠤᠨ ᠲᠡᠤᠬᠡ ᠰᠣᠶᠣᠯ ᠤᠨ ᠵᠡᠭᠡᠯᠢ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠡᠰ ᠤᠨ | ᠳᠣᠯᠣᠳᠤᠭᠠᠷ ᠪᠦᠯᠦᠭ ᠲᠡᠤᠬᠡ ᠰᠣᠶᠣᠯ ᠤᠨ ᠵᠡᠭᠡᠯᠢ ᠲᠣᠭᠤᠷᠢᠭ ᠢᠶᠠᠷ ᠲᠣᠭᠲᠠᠭᠠᠵᠤ᠂ ᠡᠳᠦᠭᠡ ᠨᠡᠶᠢᠲᠡᠯᠡᠪᠡ᠃ | ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ︽ᠲᠡᠤᠬᠡ ᠰᠣᠶᠣᠯ ᠤᠨ ᠨᠡᠷᠡᠲᠦ | ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ ᠢ ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠡᠤᠬᠡ ᠰᠣᠶᠣᠯ ᠤᠨ ᠵᠡᠭᠡᠯᠢ ᠲᠣᠭᠤᠷᠢᠭ ᠢ | ᠬᠠᠮᠠᠭᠠᠯᠠᠬᠤ ᠲᠥᠯᠥᠪᠵᠢᠭᠦᠯᠭᠡ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ | ᠬᠠᠮᠠᠭᠠᠯᠠᠵᠤ ᠬᠠᠮᠢᠶᠠᠷᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠥᠪᠡᠷᠲᠡᠭᠡᠨ ᠵᠠᠰᠠᠬᠤ | ᠣᠷᠣᠨ ᠤ ᠳᠡᠰ ᠤᠨ ᠲᠡᠤᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠬᠡᠷᠡᠭᠲᠡᠶ᠃ ᠲᠡᠤᠬᠡ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠡᠬᠡ ᠣᠷᠣᠨᠴᠢ | ᠦᠵᠡᠯ ᠤᠨ ᠬᠥᠮᠦᠵᠢᠯ ᠢ ᠥᠷᠨᠢᠭᠦᠯᠵᠦ᠂ ᠲᠡᠤᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠪᠠ ᠥᠨᠢᠳᠡ | ᠦᠷᠭᠦᠯᠵᠢᠯᠡᠨ ᠠᠰᠢᠭᠯᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠵᠡᠭᠡᠯᠢ ᠲᠣᠭᠤᠷᠢᠭ ᠤᠨ ᠬᠤᠲᠠ ᠶᠢᠨ ᠵᠢᠷᠤᠭ | ᠲᠥᠯᠥᠪᠯᠡᠭᠡ ᠶᠢ ᠬᠢᠨᠠᠮᠠᠭᠠᠶ ᠰᠠᠶᠢᠲᠤᠷ ᠬᠢᠵᠦ᠂ ᠵᠡᠭᠡᠯᠢ ᠲᠣᠭᠤᠷᠢᠭ ᠤᠨ ᠳᠦᠷᠢ ᠲᠥᠷᠬᠦ ᠶᠢ ᠦᠷᠭᠦᠯᠵᠢᠯᠡᠭᠦᠯᠬᠦ | ᠬᠡᠷᠡᠭᠲᠡᠶ᠃ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠲᠡᠤᠬᠡ ᠰᠣᠶᠣᠯ ᠤᠨ ᠵᠡᠭᠡᠯᠢ ᠲᠣᠭᠤᠷᠢᠭ ᠤᠨ | ᠰᠠᠭᠤᠷᠢ ᠪᠡᠯᠡᠳᠬᠡᠮᠵᠢ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠢᠳᠡᠪᠬᠢᠲᠡᠶ ᠪᠠᠷ | ᠰᠠᠶᠢᠵᠢᠷᠠᠭᠤᠯᠵᠤ᠂ ᠵᠡᠭᠡᠯᠢ ᠲᠣᠭᠤᠷᠢᠭ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠮᠠᠨ ᠤ ᠣᠷᠣᠨ ᠤ ᠲᠡᠤᠬᠡ | ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ | ᠠᠬᠢᠭᠤᠯᠬᠤ ᠬᠡᠷᠡᠭᠲᠡᠶ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠪᠡᠷᠲᠡᠭᠡᠨ ᠵᠠᠰᠠᠬᠤ ᠣᠷᠣᠨ ᠤ | ᠲᠡᠰ ᠤᠨ ᠳᠣᠯᠣᠳᠤᠭᠠᠷ ᠪᠦᠯᠦᠭ ᠲᠡᠤᠬᠡ ᠰᠣᠶᠣᠯ ᠤᠨ ᠵᠡᠭᠡᠯᠢ ᠲᠣᠭᠤᠷᠢᠭ ᠤᠨ ᠨᠡᠷᠡᠰ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | | 2019 ᠣᠨ ᠤ 8 ᠳ᠋ᠤᠭᠠᠷ ᠰᠠᠷ᠎ᠠ ᠶᠢᠨ 9 ᠤ ᠡᠳᠦᠷ | ᠳᠠᠭᠠᠯᠳᠤᠭᠤᠯᠤᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠪᠡᠷᠲᠡᠭᠡᠨ ᠵᠠᠰᠠᠬᠤ ᠣᠷᠣᠨ ᠤ | ᠲᠡᠰ ᠤᠨ ᠳᠣᠯᠣᠳᠤᠭᠠᠷ ᠪᠦᠯᠦᠭ ᠲᠡᠤᠬᠡ ᠰᠣᠶᠣᠯ ᠤᠨ ᠵᠡᠭᠡᠯᠢ ᠲᠣᠭᠤᠷᠢᠭ ᠤᠨ ᠨᠡᠷᠡᠰ | ᠷᠠᠰᠢᠶᠠᠨ ᠬᠤᠲᠠ ᠶᠢᠨ ᠳ᠋ᠦᠩ ᠭᠸᠦ ᠯᠢ ᠶᠢᠨ ᠲᠡᠤᠬᠡ ᠰᠣᠶᠣᠯ ᠤᠨ ᠵᠡᠭᠡᠯᠢ ᠲᠣᠭᠤᠷᠢᠭ | ᠮᠠᠨᠵᠤᠤᠷ ᠬᠤᠲᠠ ᠶᠢᠨ ᠵᠠᠯᠠᠶᠢᠨᠠᠭᠤᠷ ᠲᠣᠭᠤᠷᠢᠭ ᠤᠨᠵᠦ᠋ᠩ ᠳ᠋ᠦᠩ ᠲᠡᠮᠦᠷ ᠵᠠᠮ ᠤᠨ ᠣᠷᠣᠰ ᠶᠠᠫᠣᠨ ᠤ | ᠪᠠᠷᠢᠯᠭ᠎ᠠ ᠨᠤᠭᠤᠳ ᠤᠨ ᠲᠡᠤᠬᠡ ᠰᠣᠶᠣᠯ ᠤᠨ ᠵᠡᠭᠡᠯᠢ ᠲᠣᠭᠤᠷᠢᠭ |