ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠵᠤᠬᠢᠶᠠᠨ ᠪᠠᠶᠢᠭᠤᠯᠬᠤ ᠺᠤᠮᠢᠰ ᠤᠨ ᠠᠩᠬᠠᠳᠤᠭᠠᠷ ᠪᠦᠬᠦᠳᠠ ᠬᠤᠷᠠᠯ ᠬᠤᠷᠠᠯᠳᠤᠪᠠ  ᠭᠸᠦ ᠵᠦᠩ ᠸᠧᠨ ᠪᠦ᠋ ᠰᠢᠶᠤᠤ ᠯᠢᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/8/2
     8 ᠰᠠᠷ᠎ᠠ ᠶᠢᠨ 1᠎ ᠤ ᠦᠳᠡ ᠶᠢᠨ ᠡᠮᠦᠨ᠎ᠠ᠂ ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠵᠤᠬᠢᠶᠠᠨ ᠪᠠᠶᠢᠭᠤᠯᠬᠤ ᠺᠤᠮᠢᠰ ᠤᠨ ᠠᠩᠬᠠᠳᠤᠭᠠᠷ ᠪᠦᠬᠦᠳᠠ ᠬᠤᠷᠠᠯ ᠬᠦᠯᠦᠨ ᠪᠤᠶᠢᠷ ᠬᠤᠳᠠ ᠳᠤ ᠬᠤᠷᠠᠯᠳᠤᠵᠦ᠂ ᠬᠤᠷᠠᠯ ᠠᠴᠠ ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠪᠡᠯᠡᠳᠭᠡᠯ ᠠᠵᠢᠯ ᠳᠤ ᠲᠠᠬᠢᠨᠳᠠ ᠲᠠᠶᠢᠴᠢᠯᠠᠯᠳᠠ᠂ ᠪᠠᠶᠢᠷᠢᠯᠠᠭᠤᠯᠤᠯᠳᠠ ᠬᠢᠪᠠ᠃      ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ᠂ ᠤᠯᠤᠰ ᠤᠨ ᠪᠡᠶ᠎ᠠ ᠶᠢᠨ ᠲᠠᠮᠢᠷ ᠤᠨ ᠶᠡᠷᠦᠩᠭᠡᠢ ᠲᠤᠪᠴᠢᠶᠠᠨ ᠤ ᠳᠠᠷᠤᠭ᠎ᠠ ᠭᠸᠦ ᠵᠦᠩ ᠸᠧᠨ᠂ ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠎ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠵᠤᠬᠢᠶᠠᠨ ᠪᠠᠶᠢᠭᠤᠯᠬᠤ ᠺᠤᠮᠢᠰ ᠤᠨ ᠬᠦᠢᠴᠡᠳᠭᠡᠭᠴᠢ ᠡᠷᠬᠢᠯᠡᠭᠴᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠪᠠ᠃ ᠤᠯᠤᠰ ᠤᠨ ᠪᠡᠶ᠎ᠠ ᠶᠢᠨ ᠲᠠᠮᠢᠷ ᠤᠨ ᠶᠡᠷᠦᠩᠭᠡᠢ ᠲᠤᠪᠴᠢᠶᠠᠨ ᠤ ᠳᠡᠳ᠋ ᠳᠠᠷᠤᠭ᠎ᠠ ᠶᠠᠩ ᠨᠢᠩ ᠬᠤᠷᠠᠯ ᠢ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠧᠩ ᠬᠤᠩ ᠹᠠᠨ ᠬᠤᠷᠠᠯ ᠳᠤ ᠤᠷᠤᠯᠴᠠᠵᠠᠢ᠃      ᠭᠸᠦ ᠵᠦᠩ ᠸᠧᠨ᠂ ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠪᠤᠯ ᠶᠡᠷᠦᠩᠭᠡᠢ ᠱᠦᠵᠢ ᠰᠢ ᠶᠢᠨ ᠫᠢᠩ ᠤᠨ ᠪᠡᠭᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠢ ᠰᠠᠶᠢᠳᠤᠷ ᠡᠷᠬᠢᠯᠡᠬᠦ᠂ ᠮᠦᠰᠦ ᠴᠠᠰᠤᠨ ᠤ ᠪᠡᠶ᠎ᠠ ᠶᠢᠨ ᠲᠠᠮᠢᠷ ᠤᠨ ᠬᠦᠳᠡᠯᠭᠡᠭᠡᠨ ᠢ ᠬᠦᠭᠵᠢᠬᠦᠯᠬᠦ ᠲᠤᠬᠠᠢ ᠬᠤᠯᠪᠤᠭᠳᠠᠯ ᠪᠦᠬᠦᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠤᠳᠠᠳᠠᠢ ᠦᠢᠯᠡᠳᠦᠯᠭᠡ ᠮᠦᠨ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ᠂ ᠵᠠᠰᠠᠭ ᠤᠨ ᠤᠷᠳᠤᠨ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠡᠯ᠎ᠠ ᠲᠦᠷᠦᠯ ᠤᠨ ᠪᠡᠯᠡᠳᠭᠡᠯ ᠠᠵᠢᠯ ᠪᠠ ᠵᠤᠬᠢᠶᠠᠨ ᠪᠠᠶᠢᠭᠤᠯᠬᠤ ᠠᠵᠢᠯ ᠢ ᠦᠨᠳᠦᠷ ᠪᠦᠳᠦᠮᠵᠢᠳᠠᠢ᠂ ᠦᠨᠳᠦᠷ ᠴᠢᠨᠠᠷ ᠴᠢᠨᠰᠠᠭ᠎ᠠ ᠲᠠᠢ ᠶᠠᠪᠤᠭᠳᠠᠭᠤᠯᠵᠦ᠂ ᠪᠡᠯᠡᠳᠭᠡᠯ ᠠᠵᠢᠯ ᠤᠨ ᠡᠬᠦᠷᠭᠡ ᠶᠢ ᠰᠠᠶᠢᠳᠤᠷ ᠪᠡᠶᠡᠯᠡᠬᠦᠯᠬᠦ ᠳᠤ ᠪᠡᠳᠤ ᠪᠠᠬᠢ ᠰᠠᠭᠤᠷᠢ ᠶᠢ ᠲᠠᠯᠪᠢᠵᠠᠢ᠃ ᠤᠯᠤᠰ ᠤᠨ ᠪᠡᠶ᠎ᠠ ᠶᠢᠨ ᠲᠠᠮᠢᠷ ᠤᠨ ᠶᠡᠷᠦᠩᠬᠡᠢ ᠲᠤᠪᠴᠢᠶ᠎ᠠ ᠶᠢᠨ ᠬᠢᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠲᠠᠢ ᠬᠠᠮᠳᠦ ᠪᠠᠷ ᠴᠢᠷᠮᠠᠶᠢᠵᠤ᠂ ᠭᠤᠤᠯᠳᠠᠯᠭ᠎ᠠ ᠪᠠᠨ ᠳᠤᠪᠤᠶᠢᠯᠭᠠᠨ᠂ ᠬᠦᠴᠦ ᠪᠠᠨ ᠲᠦᠪᠯᠡᠷᠡᠭᠦᠯᠵᠤ᠂ ᠪᠡᠯᠡᠳᠭᠡᠯ ᠠᠵᠢᠯ ᠤᠨ ᠡᠮᠬᠢ ᠵᠢᠷᠤᠮ ᠲᠠᠢ ᠤᠷᠤᠭᠰᠢᠳᠠᠢ ᠪᠦᠲᠦᠮᠵᠢᠳᠠᠢ ᠶᠠᠪᠤᠭᠳᠠᠬᠤ ᠶᠢ ᠪᠠᠳᠤᠯᠠᠵᠤ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠳᠠ ᠲᠠᠢ᠂ ᠨᠡᠬᠡᠬᠡᠯᠳᠡᠳᠤ᠂ ᠬᠠᠮᠳᠦ ᠪᠠᠷ ᠡᠳ᠋ᠯᠡᠬᠦ᠂ ᠠᠷᠢᠭᠤᠨ ᠴᠡᠪᠡᠷ ᠲᠠᠮᠢᠷ ᠤᠨ ᠴᠤᠭᠯᠠᠭᠠᠨ ᠪᠤᠯᠭᠠᠨ ᠡᠷᠬᠢᠯᠡᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠬᠦᠭᠵᠢᠯᠳᠡ᠂ ᠨᠡᠶᠢᠭᠡᠮ ᠤᠨ ᠳᠠᠪᠰᠢᠯᠳᠠ᠂ ᠦᠨᠳᠦᠰᠦᠳᠡᠨ ᠤ ᠪᠦᠯᠬᠦᠮᠳᠡᠯ᠂ ᠪᠡᠶ᠎ᠠ ᠶᠢᠨ ᠲᠠᠮᠢᠷ ᠤᠨ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠤ ᠵᠢᠭᠠᠵᠦ ᠭᠠᠷᠭᠠᠪᠠ᠃      ᠪᠦ᠋ ᠰᠢᠶᠤᠤ ᠯᠢᠨ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠤᠯ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠬᠤ ︽ᠪᠤᠯᠪᠠᠰᠤᠷᠠᠯ ᠤᠨ ᠲᠠᠯᠠᠪᠤᠷ︾ ᠪᠤᠯᠤᠨ᠎ᠠ᠂ ᠦᠪᠦᠷ ᠮᠤᠩᠭᠤᠯ ᠤᠨ ᠳᠦᠷᠢ ᠳᠦᠷᠬᠦ ᠶᠢ ᠢᠯᠡᠷᠡᠭᠦᠯᠬᠦ᠂ ᠮᠦᠰᠦ ᠴᠠᠰᠤᠨ ᠤ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠤᠯᠳᠠᠰᠢ ᠦᠭᠡᠢ ᠠᠵᠠ ᠳᠤᠬᠢᠶᠠᠯ ᠪᠤᠯᠤᠨ᠎ᠠ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠬᠡ ᠪᠤᠯᠭᠠᠵᠤ᠂ ᠤᠷᠠᠨ ᠳᠠᠷᠬᠠᠨ ᠤ ᠵᠤᠷᠢᠭ ᠰᠠᠨᠠᠭ᠎ᠠ ᠶᠢ ᠢᠯᠡᠷᠡᠭᠦᠯᠵᠤ ᠦᠨᠳᠦᠷ ᠪᠠᠷᠢᠮᠵᠢᠶ᠎ᠠ᠂ ᠦᠨᠳᠦᠷ ᠶᠠᠰᠤ ᠴᠢᠨᠠᠷ᠂ ᠦᠨᠳᠦᠷ ᠲᠦᠪᠰᠢᠨ ᠢᠶᠠᠷ ᠡᠯ᠎ᠠ ᠵᠦᠢᠯ ᠤᠨ ᠪᠡᠯᠡᠳᠭᠡᠯ ᠠᠵᠢᠯ ᠢ ᠪᠡᠶᠡᠯᠡᠭᠦᠯᠬᠦ ᠬᠡᠷᠡᠭᠳᠠᠢ᠃ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠤᠷᠤᠯᠳᠤᠭᠠᠨ ᠤ ᠲᠤᠭᠤᠷᠢᠭ ᠤᠨ ᠬᠢᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠳᠤᠷ ᠪᠡᠯᠡᠳᠭᠡᠨ ᠰᠠᠶᠢᠲᠤᠷ ᠡᠷᠬᠢᠯᠡᠬᠦ ᠶᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠪᠤᠳᠠᠳᠠᠢ ᠠᠵᠢᠯᠯᠠᠭ᠎ᠠ ᠪᠤᠯᠭᠠᠵᠤ᠂ ︽ᠨᠢᠭᠡ ᠬᠦᠯᠭᠡ ᠰᠢᠳᠠᠷ᠎ᠠ︾᠎ ᠶᠢᠨ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠵᠤ᠂ ᠡᠯ᠎ᠠ ᠭᠤᠭᠴᠤᠭᠠᠨ ᠤ ᠠᠵᠢᠯ ᠢ ᠤᠷᠭᠠᠨᠢᠭ ᠢᠶᠠᠷ ᠵᠤᠯᠭᠠᠭᠤᠯᠵᠤ᠂ ᠦᠨᠳᠦᠷ ᠪᠦᠲᠦᠮᠵᠢᠳᠠᠢ ᠪᠠᠶᠢᠯᠭᠠᠬᠤ ᠬᠡᠷᠡᠭᠳᠠᠢ᠃ ᠤᠬᠠᠭᠤᠯᠤᠨ ᠲᠠᠨᠢᠯᠴᠠᠭᠤᠯᠬᠤ ᠠᠵᠢᠯ ᠢ ᠰᠠᠶᠢᠳᠤᠷ ᠠᠳᠬᠤᠵᠤ᠂ ᠪᠦᠬᠦ ᠤᠷᠤᠨ ᠤ ᠦᠨᠳᠦᠰᠦᠳᠡᠨ ᠨᠦᠭᠦᠳ ᠤᠨ ᠤᠯᠠᠨ ᠲᠦᠮᠡᠨ ᠢ ᠳᠠᠶᠢᠴᠢᠯᠠᠨ ᠤᠬᠠᠭᠤᠯᠤᠭᠴᠢ ᠪᠠ ᠡᠷᠬᠢᠯᠡᠭᠴᠢ ᠪᠤᠯᠭᠠᠵᠤ᠂ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠬᠦ ᠳᠤ ᠦᠳᠭᠡᠨ ᠵᠤᠵᠠᠭᠠᠨ ᠠᠭᠤᠷ ᠠᠮᠢᠰᠬᠤᠯ ᠪᠦᠷᠢᠯᠳᠦᠭᠦᠯᠦᠨ ᠦᠭᠴᠤ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠎ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠦᠪᠡᠷᠮᠢᠴᠠ ᠤᠨᠴᠠᠯᠢᠭ ᠲᠠᠢ᠂ ᠦᠨᠳᠦᠷ ᠲᠦᠪᠰᠢᠨ ᠲᠠᠢ ᠡᠷᠬᠢᠯᠡᠵᠤ᠂ ᠨᠠᠮ ᠤᠨ ᠲᠦᠪ ᠬᠤᠷᠢᠶᠠᠨ ᠤ ᠬᠦᠨᠳᠦ ᠨᠠᠶᠢᠳᠠᠯᠭ᠎ᠠ ᠪᠠ ᠪᠦᠬᠦ ᠤᠯᠤᠰ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠬᠦᠰᠡᠷᠳᠡᠭᠦᠯᠵᠤ ᠪᠣᠯᠬᠤ ᠦᠭᠡᠢ ᠭᠡᠵᠤ ᠵᠢᠭᠠᠵᠤ ᠭᠠᠷᠭᠠᠵᠠᠢ᠃      ᠵᠤᠬᠢᠶᠠᠨ ᠪᠠᠶᠢᠭᠤᠯᠬᠤ ᠺᠤᠮᠢᠰ ᠠᠴᠠ ᠪᠠᠰᠠ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ ᠤᠨ ᠲᠦᠰᠦᠯ ᠢ ᠰᠤᠳᠤᠯᠵᠤ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠠᠬ᠎ᠠ ᠳᠡᠯᠭᠡᠭᠦᠷ ᠢ ᠨᠡᠬᠡᠬᠡᠬᠦ ᠬᠠᠮᠳᠤᠷᠠᠯᠴᠠᠭᠠᠨ ᠤ ᠠᠵᠤ ᠠᠬᠤᠢᠢᠯᠠᠯ ᠲᠠᠢ ᠭᠡᠷ᠎ᠠ ᠲᠤᠭᠳᠠᠬᠤ ᠶᠤᠰᠤᠯᠠᠯ ᠶᠠᠪᠤᠭᠳᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号