ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠯ ᠠᠯᠳᠠᠭᠰᠠᠨ ᠠᠵᠤ ᠠᠬᠤᠶᠢᠯᠠᠯ ᠎ ᠳᠤ ᠢᠲᠡᠭᠡᠮᠵᠢ ᠶᠢᠨ ᠬᠢᠵᠠᠭᠠᠷᠯᠠᠯ ᠬᠢᠵᠦ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠤᠬᠠᠶ ᠥᠪᠥᠷ ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠎ ᠶᠢᠨ ᠬᠤᠯᠪᠣᠭᠳᠠᠯ ᠪᠦᠬᠦᠢ ᠲᠣᠭᠲᠠᠭᠠᠯ ᠤᠨ ᠵᠠᠷᠯᠠᠯ
ᠨᠡᠶᠢᠲᠡᠯᠡᠭᠰᠡᠨ ᠴᠠᠭ᠄
2019/8/20
     ᠵᠢᠯ ᠪᠦᠷᠢ ᠶᠢᠨ 1— 6 ᠳ᠋ᠤᠭᠠᠷ ᠰᠠᠷ᠎ᠠ ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢᠨ ᠬᠤᠭᠤᠴᠠᠭ᠎ᠠ ᠪᠣᠯᠤᠨ᠎ᠠ᠂ ᠭᠡᠪᠡᠴᠦ ᠡᠨᠡ ᠬᠦ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠦᠢᠯᠡ ᠠᠵᠢᠯᠯᠠᠭ᠎ᠠ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠦᠭᠡᠢ ᠪᠠᠶᠢᠨ᠎ᠠ᠃ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠲᠦᠷ ᠬᠡᠷᠡᠭᠵᠢᠭᠦᠯᠬᠦ ᠳᠦᠷᠢᠮ︾᠂ ︽ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠂ ︽ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠣᠨ ᠤ ᠮᠡᠳᠡᠭᠦᠯᠦᠯᠲᠡ ᠶᠢᠨ ᠲᠦᠷ ᠬᠡᠷᠡᠭᠵᠢᠭᠦᠯᠬᠦ ᠠᠷᠭ᠎ᠠ︾᠂ ︽ᠲᠠᠷᠢᠶᠠᠴᠢᠨ ᠤ ᠲᠤᠰᠬᠠᠶ ᠠᠵᠢᠯ ᠤᠨ ᠬᠤᠷᠰᠢᠶᠠᠨ ᠤ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ ᠲᠦᠷ ᠬᠡᠷᠡᠭᠵᠢᠭᠦᠯᠬᠦ ᠠᠷᠭ᠎ᠠ︾᠂ ︽ᠬᠠᠤᠯᠢ ᠶᠢ ᠬᠦᠨᠳᠦ ᠨᠣᠴᠢᠲᠠᠶ ᠵᠥᠷᠢᠴᠡᠨ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢᠨ ᠲᠣᠭᠲᠠᠭᠠᠯ ᠢ ᠦᠨᠳᠦᠰᠦᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠡᠭᠡᠷ᠎ᠡ ᠨᠢᠭᠡ ᠵᠢᠯ ᠤᠨ ᠣᠨ ᠤ ᠮᠡᠳᠡᠭᠦᠯᠦᠯᠲᠡ ᠪᠠᠨ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠪᠠᠰᠠ ᠮᠡᠳᠡᠭᠦᠯᠦᠨ ᠬᠦᠷᠭᠡᠭᠰᠡᠨ ᠦᠭᠡᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢᠨ ᠬᠠᠮᠲᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶᠎ ᠢᠶᠠᠷ ᠳᠠᠮᠵᠢᠭᠤᠯᠤᠨ ᠢᠯᠡ ᠨᠡᠶᠢᠲᠡᠯᠡᠪᠡ᠃      2018 ᠣᠨ ᠤ ᠣᠨ ᠤ ᠮᠡᠳᠡᠭᠦᠯᠦᠯᠲᠡ ᠶᠢᠨ ᠠᠵᠢᠯ ᠨᠢᠭᠡᠨᠲᠡ ᠳᠠᠭᠤᠰᠴᠤ᠂ 2019 ᠣᠨ 6 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ᠂ ᠪᠥᠬᠦ ᠣᠷᠣᠨ ᠳᠤ ᠨᠡᠶᠢᠲᠡ 583465 ᠵᠠᠬ᠎ᠠ ᠳᠡᠯᠭᠡᠭᠦᠷ ᠤᠨ ᠭᠤᠤᠯ ᠴᠣᠭᠴᠠ ᠣᠨ ᠤ ᠮᠡᠳᠡᠭᠦᠯᠦᠯᠲᠡ ᠳᠤ ᠴᠠᠭ ᠲᠤᠬᠠᠶ ᠳᠤ ᠨᠢ ᠣᠷᠣᠯᠴᠠᠭᠰᠠᠨ ᠥᠬᠡᠶ ᠠᠴᠠ ᠪᠣᠯᠵᠤ ᠵᠠᠬ᠎ᠠ ᠳᠡᠯᠭᠡᠭᠦᠷ ᠎ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠪᠠ᠃ ᠡᠭᠦᠨ ᠳᠤ 43463 ᠠᠵᠤ ᠠᠬᠤᠶᠢᠯᠠᠯ᠂ 517017 ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ᠂ 22985 ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠤᠢ᠃      ᠬᠡᠪ ᠤᠨ ᠪᠤᠰᠤ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠵᠠᠬ᠎ᠠ ᠳᠡᠯᠭᠡᠭᠦᠷ ᠎ ᠤᠨ ᠭᠤᠤᠯ ᠴᠣᠭᠴᠠ ᠨᠢ ᠳᠣᠤᠷᠠᠬᠢ ᠵᠢᠷᠭᠤᠭᠠᠨ ᠲᠠᠯ᠎ᠠ ᠪᠠᠷ ᠡᠵᠡᠩᠨᠡᠯᠲᠡ ᠶᠢᠨ ᠬᠢᠵᠠᠭᠠᠷᠯᠠᠯ ᠲᠠᠢ ᠪᠣᠯᠵᠠᠢ᠄      ᠨᠢᠭᠡ᠂ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠲᠡᠮᠳᠡᠭᠯᠡᠯ ᠳᠤ ︽ᠨᠠᠰᠤᠨ ᠲᠤᠷᠰᠢ︾ ᠪᠢᠴᠢᠭᠳᠡᠬᠦ ᠪᠣᠯᠤᠨ᠎ᠠ      ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠪᠠᠯ ᠳᠠᠷᠤᠶ ᠨᠡᠶᠢᠭᠡᠮ ᠨᠡᠶᠢᠲᠡ ᠎ ᠳᠤ ᠵᠠᠷᠯᠠᠨ ᠨᠡᠶᠢᠲᠡᠯᠡᠵᠦ᠂ ᠪᠦᠬᠦ ᠨᠡᠶᠢᠭᠡᠮ ᠤᠨ ᠬᠢᠨᠠᠯᠲᠠ ᠶᠢ ᠬᠦᠯᠢᠶᠡᠨ᠂ ᠬᠡᠪ ᠤᠨ ᠪᠤᠰᠤ ᠡᠵᠡᠩᠨᠡᠯᠲᠡ ᠶᠢᠨ ᠨᠡᠷᠡᠰ ᠎ ᠤᠨ ᠵᠢᠭᠰᠠᠭᠠᠯᠲᠠ ᠠᠴᠠ ᠭᠠᠷᠤᠭᠰᠠᠨ ᠴᠤ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠣᠷᠣ ᠮᠥᠷ ᠨᠢ ᠮᠦᠨ ᠯᠡ ︽ᠨᠠᠰᠤᠨ ᠲᠤᠷᠰᠢ︾ ᠳᠠᠭᠠᠯᠳᠤᠬᠤ ᠪᠣᠯᠤᠨ᠎ᠠ᠃      ᠬᠤᠶᠠᠷ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠢᠲᠡᠭᠡᠯ ᠠᠯᠳᠠᠭᠰᠠᠨ ᠠᠵᠤ ᠠᠬᠤᠶᠢᠯᠠᠯ ︵ᠲᠤᠬᠠᠶ ᠶᠢᠨ ᠬᠥᠮᠥᠨ︶᠎ ᠢ ᠬᠠᠮᠲᠤᠷᠠᠨ ᠵᠠᠯᠬᠠᠭᠠᠨ ᠴᠡᠭᠡᠷᠯᠡᠭᠦᠯᠦᠨ᠎ᠡ      ᠡᠵᠡᠩᠨᠡᠯᠲᠡ᠂ ᠪᠡᠯᠡ ᠣᠷᠣᠭᠤᠯᠤᠯᠲᠠ ᠪᠡᠯᠡ ᠲᠣᠬᠢᠷᠠᠭᠤᠯᠤᠯᠲᠠ᠂ ᠤᠯᠤᠰ ᠤᠨ ᠦᠮᠴᠢᠯᠡᠯᠲᠦ ᠭᠠᠵᠠᠷ ᠰᠢᠷᠣᠶ ᠎ ᠶᠢ ᠬᠢᠮᠳᠠ ᠦᠨ᠎ᠡ ᠪᠠᠷ ᠬᠤᠳᠠᠯᠳᠤᠬᠤ᠂ ᠭᠠᠳᠠᠭᠠᠳᠤ ᠠᠴᠠ ᠣᠷᠣᠭᠤᠯᠬᠤ ᠭᠠᠷᠭᠠᠬᠤ᠂ ᠬᠢᠯᠢ ᠪᠠᠷ ᠣᠷᠣᠭᠤᠯᠵᠤ ᠭᠠᠷᠭᠠᠬᠤ᠂ ᠰᠢᠨ᠎ᠡ ᠺᠣᠮᠫᠠᠨᠢ ᠳᠠᠩᠰᠠᠯᠠᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠠᠶᠤᠯ ᠦᠭᠡᠢ ᠶᠢᠨ ᠵᠥᠪᠰᠢᠶᠡᠷᠡᠯ᠂ ᠦᠶᠯᠡᠳᠪᠦᠷᠢᠯᠡᠯ ᠡᠵᠡᠩᠨᠡᠯᠲᠡ ᠎ ᠶᠢᠨ ᠵᠥᠪᠰᠢᠶᠡᠷᠡᠯ᠂ ᠠᠵᠢᠯ ᠡᠷᠬᠢᠯᠡᠵᠦ ᠲᠤᠰᠢᠶᠠᠯ ᠡᠭᠦᠷᠭᠡᠯᠡᠬᠦ ᠬᠢᠷᠢ ᠬᠡᠮ᠂ ᠬᠢᠷᠢ ᠬᠡᠮ ᠢ ᠬᠢᠨᠠᠨ ᠬᠠᠷᠭᠤᠭᠤᠯᠬᠤ᠂ ᠢᠷᠠᠭᠤ ᠠᠯᠳᠠᠷ ᠤᠨ ᠴᠣᠯᠠ ᠣᠯᠭᠤᠬᠤ ᠵᠡᠷᠭᠡ ᠲᠠᠯ᠎ᠠ ᠪᠠᠷ ᠬᠠᠤᠯᠢ ᠶᠣᠰᠣᠭᠠᠷ ᠬᠢᠵᠠᠭᠠᠷᠯᠠᠬᠤ ᠪᠤᠶᠤ ᠣᠷᠣᠯᠴᠠᠬᠤ ᠶᠢ ᠎ ᠨᠢ ᠴᠠᠭᠠᠵᠠᠯᠠᠨ᠎ᠠ᠃      ᠭᠤᠷᠪᠠ᠂ ᠡᠳᠦᠷ ᠲᠤᠲᠤᠮ ᠤᠨ ᠡᠵᠡᠩᠨᠡᠯᠲᠡ ᠶᠢᠨ ᠠᠵᠢᠯᠯᠠᠭ᠎ᠠ ᠨᠢ ᠬᠢᠵᠠᠭᠠᠷᠯᠠᠭᠳᠠᠨ᠎ᠠ      ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢ ᠪᠠᠩᠬᠢ ᠵᠡᠷᠭᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠠᠴᠠ ᠨᠢᠭᠡᠨᠲᠡ ᠵᠢᠭᠡᠯᠡᠯᠭᠡ᠂ ᠳᠠᠭᠠᠭᠠᠯᠲᠠ᠂ ᠳᠠᠭᠠᠳᠬᠠᠯ ᠵᠡᠷᠭᠡ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠯᠠᠪᠯᠠᠬᠤ ᠦᠨᠳᠦᠰᠦᠯᠡᠯ ᠪᠣᠯᠭᠠᠪᠠ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠡᠭᠦᠨ ᠠᠴᠠ ᠪᠣᠯᠵᠤ ᠬᠡᠪ ᠤᠨ ᠪᠤᠰᠤ ᠡᠵᠡᠩᠨᠡᠯᠲᠡ ᠶᠢᠨ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠳᠤ ᠪᠠᠩᠬᠢ ᠶᠢᠨ ᠳᠠᠩᠰᠠ ᠡᠷᠦᠬᠡ ᠨᠡᠭᠡᠭᠡᠬᠦ᠂ ᠵᠢᠭᠡᠯᠡᠯᠭᠡ ᠲᠠᠯᠪᠢᠬᠤ ᠵᠡᠷᠭᠡ ᠠᠵᠢᠯ ᠢ ᠬᠦᠯᠢᠶᠡᠨ ᠠᠪᠴᠤ ᠰᠢᠶᠳᠪᠦᠷᠢᠯᠡᠬᠦ ᠦᠭᠡᠢ ᠪᠣᠯᠣᠨ᠎ᠠ᠃       ᠳᠥᠷᠪᠡ᠂ ᠢᠲᠡᠭᠡᠮᠵᠢ ᠶᠢᠨ ᠰᠡᠵᠢᠭᠯᠡᠯ ᠲᠠᠢ ᠪᠣᠯ ᠠᠷᠠᠯᠵᠢᠶ᠎ᠠ ᠶᠢᠨ ᠨᠥᠬᠦᠭᠡ ᠡᠲᠡᠭᠡᠳ ᠨᠢ ᠬᠠᠮᠲᠤᠷᠠᠨ ᠠᠵᠢᠯᠯᠠᠬᠤ ᠪᠠᠨ ᠲᠡᠪᠴᠢᠵᠦ ᠪᠣᠯᠣᠨ᠎ᠠ      ᠵᠠᠬ᠎ᠠ ᠳᠡᠯᠭᠡᠭᠦᠷ ᠤᠨ ᠠᠷᠠᠯᠵᠢᠶᠠᠨ ᠤ ᠨᠥᠬᠦᠭᠡ ᠡᠲᠡᠭᠡᠳ ᠠᠷᠠᠯᠵᠢᠶᠠᠨ ᠤ ᠡᠲᠡᠭᠡᠳ ᠢᠶᠠᠨ ᠰᠣᠩᠭᠤᠬᠤ ᠦᠶᠡᠰ᠂ ᠬᠡᠪ ᠤᠨ ᠪᠤᠰᠤ ᠡᠵᠡᠩᠨᠡᠯᠲᠡ ᠶᠢᠨ ᠨᠡᠷᠡᠰ ᠲᠤ ᠵᠢᠭᠰᠠᠭᠠᠭᠳᠠᠭᠰᠠᠨ ᠬᠤᠳᠠᠯᠳᠤᠭᠠᠨ ᠤ ᠶᠠᠪᠤᠳᠠᠯ ᠤᠨ ᠭᠤᠤᠯ ᠴᠣᠭᠴᠠ ᠳᠤ ᠨᠠᠩ ᠴᠢᠩᠭ᠎ᠠ ᠪᠠᠶᠢᠴᠠᠭᠠᠯᠲᠠ ᠬᠢᠵᠦ᠂ ᠴᠢᠨᠠᠭᠰᠢᠯᠠᠨ ᠲᠡᠭᠦᠨ ᠲᠠᠢ ᠬᠠᠮᠲᠤᠷᠠᠨ ᠠᠵᠢᠯᠯᠠᠬᠤ ᠪᠠᠨ ᠬᠦᠴᠦᠨ ᠦᠭᠡᠢ ᠪᠣᠯᠭᠠᠵᠤ ᠪᠣᠯᠣᠨ᠎ᠠ᠃      ᠲᠠᠪᠤ᠂ ᠪᠦᠭᠦᠯᠢ ᠭᠤᠷᠪᠠᠨ ᠵᠢᠯ ᠢᠲᠡᠭᠡᠯ ᠠᠯᠳᠠᠭᠰᠠᠨ ᠠᠵᠤ ᠠᠬᠤᠶᠢᠯᠠᠯ ᠢᠶᠠᠷ ᠵᠢᠭᠰᠠᠭᠠᠭᠳᠠᠭᠰᠠᠨ ᠪᠣᠯ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠣᠷᠣᠭᠤᠯᠤᠨ᠎ᠠ      ︽ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢᠨ ᠲᠣᠭᠲᠠᠭᠠᠯ ᠶᠣᠰᠣᠭᠠᠷ᠂ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠳᠤ ᠪᠦᠬᠦᠯᠢ 3 ᠵᠢᠯ ᠵᠢᠭᠰᠠᠭᠠᠭᠳᠠᠵᠤ᠂ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠡᠭᠦᠷᠭᠡ ᠪᠠᠨ ᠮᠥᠨ ᠯᠡ ᠭᠦᠶᠴᠡᠳᠬᠡᠭᠰᠡᠨ ᠥᠬᠡᠶ ᠠᠵᠤ ᠠᠬᠤᠶᠢᠯᠠᠯ ᠢ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠨ ᠣᠷᠣᠭᠤᠯᠬᠤ ᠶᠢᠨ ᠬᠠᠮᠲᠤ ᠵᠠᠷᠯᠠᠨ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠳᠤ ᠵᠠᠷᠯᠠᠨ ᠨᠡᠶᠢᠲᠡᠯᠡᠨ᠎ᠡ᠃ ᠬᠠᠤᠯᠢ ᠶᠢ ᠬᠦᠨᠳᠦ ᠨᠣᠴᠢᠲᠠᠶ ᠵᠥᠷᠢᠴᠡᠨ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠬᠤ ᠶᠠᠪᠤᠳᠠᠯ ᠪᠣᠯ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠶᠢᠨ ᠪᠠᠶᠢᠳᠠᠯ ᠨᠢ ᠦᠷᠭᠦᠯᠵᠢᠯᠡᠭᠰᠡᠨ ᠤ ᠦᠷ᠎ᠡ ᠳ᠋ᠦᠩ ᠮᠥᠨ᠂ ᠨᠠᠩ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ ᠮᠥᠨ ᠪᠣᠯᠬᠤᠷ ᠨᠡᠶᠢᠭᠡᠮ ᠳᠠᠶᠠᠭᠠᠷ ᠢᠶᠠᠨ ᠨᠠᠩ ᠴᠢᠩᠭ᠎ᠠ ᠵᠠᠯᠬᠠᠭᠠᠯ ᠦᠵᠡᠭᠦᠯᠬᠦ ᠪᠣᠯᠤᠨ᠎ᠠ᠃      ᠵᠢᠷᠭᠤᠭ᠎ᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠡᠭᠦᠷᠭᠡᠯᠡᠬᠦ ᠶᠠᠪᠤᠳᠠᠯ ᠬᠢᠵᠠᠭᠠᠷᠯᠠᠭᠳᠠᠬᠤ ᠪᠣᠯᠤᠨ᠎ᠠ      ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ︵ᠬᠠᠷᠢᠭᠤᠴᠠᠯᠭᠠᠲᠠᠨ︶᠂ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠎ ᠳᠤ ᠣᠷᠣᠭᠤᠯᠵᠤ᠂ ᠲᠤᠰᠢᠶᠠᠯ ᠡᠭᠦᠷᠭᠡᠯᠡᠬᠦ ᠬᠢᠷᠢ ᠭᠡᠮ ᠤᠨ ᠬᠠᠮᠢᠶ᠎ᠠ ᠪᠦᠬᠦᠢ ᠵᠦᠶᠯᠡᠰ ᠢ ᠬᠢᠵᠠᠭᠠᠷᠯᠠᠨ᠂ 3 ᠵᠢᠯ ᠤᠨ ᠳᠣᠲᠣᠷ᠎ᠠ ᠪᠤᠰᠤᠳ ᠬᠤᠳᠠᠯᠳᠤᠭᠠᠨ ᠤ ᠶᠠᠪᠤᠳᠠᠯ ᠤᠨ ᠭᠤᠤᠯ ᠴᠣᠭᠴᠠ ᠶᠢᠨ ᠬᠡᠷᠡᠭ ᠮᠡᠳᠡᠭᠴᠢ᠂ ᠬᠢᠨᠠᠭᠴᠢ ᠵᠢᠴᠢ ᠳᠠᠭᠠᠭᠠᠮᠠᠯ᠂ ᠳᠡᠳ᠋ ᠳᠠᠭᠠᠭᠠᠮᠠᠯ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠤᠨ ᠨᠠᠷᠢᠨ ᠪᠢᠴᠢᠭᠡᠴᠢ ᠵᠡᠷᠭᠡ ᠶᠢ ᠪᠠᠭᠲᠠᠭᠠᠭᠰᠠᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠲᠤᠰᠢᠶᠠᠯ ᠢ ᠡᠭᠦᠷᠭᠡᠯᠡᠭᠦᠯᠬᠦ ᠥᠬᠡᠶ᠃ ︽ᠭᠡᠷ᠎ᠡ ᠶᠢ ᠰᠠᠬᠢᠵᠤ ᠢᠲᠡᠭᠡᠮᠵᠢ ᠶᠢ ᠴᠢᠬᠤᠯᠠᠴᠢᠯᠠᠬᠤ︾ ᠠᠵᠤ ᠠᠬᠤᠶᠢᠯᠠᠯ ᠤᠨ ᠢᠯᠡ ᠨᠡᠶᠢᠲᠡᠯᠡᠬᠦ ᠠᠵᠢᠯᠯᠠᠭ᠎ᠠ ᠶᠢ ᠭᠤᠶᠤᠴᠢᠯᠠᠬᠤ ᠬᠢᠷᠢ ᠬᠡᠮ ᠤᠨ ᠬᠢᠨᠠᠨ ᠬᠠᠷᠭᠤᠭᠤᠯᠤᠭ᠎ᠠ ᠳᠤ ᠪᠠᠲᠤᠯᠠᠵᠤ ᠥᠭᠬᠦ ᠦᠭᠡᠢ᠃      ᠡᠶᠢᠮᠦ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠲᠤᠰ ᠪᠡᠶ᠎ᠡ ᠎ ᠶᠢᠨ ᠢᠲᠡᠭᠡᠮᠵᠢ ᠪᠠᠨ ᠬᠠᠮᠠᠭᠠᠯᠠᠬᠤ ᠶᠢ ᠴᠢᠬᠤᠯᠠᠴᠢᠯᠠᠵᠤ᠂ ᠨᠢᠭᠡᠨᠲᠡ ᠢᠲᠡᠭᠡᠯ ᠠᠯᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠳᠠᠩᠰᠠᠯᠠᠨ ᠬᠠᠮᠢᠶᠠᠷᠴᠤ ᠪᠠᠶᠢᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠷᠤᠶ ᠲᠦᠷᠭᠡᠨ ᠬᠦᠷᠴᠦ ᠢᠲᠡᠭᠡᠮᠵᠢ ᠪᠠᠨ ᠵᠠᠰᠠᠨ ᠰᠡᠷᠭᠦᠭᠡᠵᠦ᠂ ᠢᠲᠡᠭᠡᠮᠵᠢ ᠲᠠᠢ ᠪᠠᠶᠢᠵᠤ ᠪᠡᠶ᠎ᠡ ᠪᠠᠨ ᠪᠠᠷᠢᠬᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠳᠦᠷᠢ ᠲᠥᠷᠬᠦ ᠶᠢ ᠳᠠᠬᠢᠨ ᠴᠣᠭᠴᠠᠯᠠᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                                          2019 ᠣᠨ 8 ᠳ᠋ᠤᠭᠠᠷ ᠰᠠᠷ᠎ᠠ ᠶᠢᠨ 19᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号