ᠡᠨᠡ ᠵᠢᠯ ᠪᠣᠯ ᠲᠦᠩᠯᠢᠶᠣᠤ ᠬᠤᠲᠠ ᠶᠢᠨ ︽ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ | ᠰᠢᠯᠢᠳᠡᠭᠵᠢᠭᠦᠯᠬᠦ ᠣᠨ︾ ᠮᠦᠨ᠂ ᠲᠣᠰ ᠬᠤᠲᠠ ᠨᠢ ︽ᠪᠠᠯᠠᠶ ᠴᠡᠭ︾ ᠢ ᠡᠷᠢᠵᠦ᠂ ︽ᠬᠦᠴᠢᠷᠳᠡᠯ︾ ᠢ | ᠰᠢᠢᠳᠪᠦᠷᠢᠯᠡᠬᠦ ᠪᠠᠷ ᠳᠠᠮᠵᠢᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠰᠤ ᠴᠢᠨᠠᠷ ᠢ ᠡᠷᠴᠢᠮᠲᠡᠢ ᠳᠡᠭᠡᠭᠰᠢᠯᠡᠭᠦᠯᠵᠦ᠂ ᠠᠵᠤ ᠠᠬᠤᠶᠢᠯᠠᠯ ᠪᠣᠯᠤᠨ | ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠣᠯᠠᠨ ᠲᠦᠮᠡᠨ ᠳᠤ ᠥᠨᠳᠥᠷ ᠪᠦᠲᠦᠮᠵᠢᠲᠡᠶ᠂ ᠳᠥᠭᠦᠮ ᠳᠥᠲᠡ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ ᠪᠣᠢ᠃ | ᠦᠢᠯᠡᠴᠢᠯᠡᠭᠡᠨ ᠤ ᠠᠵᠢᠯ ᠤᠨ ᠳᠤᠮᠳᠠᠬᠢ ︽ᠪᠠᠯᠠᠶ ᠴᠡᠭ︾ ᠢ ᠣᠨᠣᠪᠴᠢᠲᠠᠢ ᠡᠷᠢᠬᠦ ᠪᠠᠷ ᠳᠠᠮᠵᠢᠭᠤᠯᠤᠨ᠂ | ᠪᠠᠶᠢᠴᠠᠭᠠᠨ ᠯᠠᠪᠯᠠᠬᠤ ᠦᠢᠯᠡᠴᠢᠯᠡᠭᠡᠨ ᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠵᠦ ᠪᠠᠶᠢᠨ᠎ᠠ᠃ ᠠᠵᠤ ᠠᠬᠤᠶᠢᠯᠠᠯ | ᠪᠣᠯᠤᠨ ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠣᠯᠠᠨ ᠲᠦᠮᠡᠨ ᠤ ᠠᠰᠠᠭᠤᠨ ᠯᠠᠪᠯᠠᠬᠤ ᠶᠡᠷᠦᠩᠬᠡᠶᠢᠯᠡᠭᠰᠡᠨ | ᠦᠢᠯᠡᠴᠢᠯᠡᠭᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠨᠢᠭᠡᠳᠦᠯᠲᠡᠶ ᠶᠡᠷᠦᠩᠬᠡᠶᠢᠯᠡᠭᠰᠡᠨ ᠦᠢᠯᠡᠴᠢᠯᠡᠭᠡᠨ ᠤ | ᠰᠤᠪᠠᠭ ᠭᠠᠷᠭᠠᠪᠠ᠃ ᠬᠡᠰᠡᠭ ᠦᠢᠯᠡᠴᠢᠯᠡᠭᠡᠨ ᠤ ᠴᠣᠩᠬᠤᠪᠴᠢ ᠶᠢ ᠨᠢᠭᠡᠨᠲᠡ ᠣᠳᠣᠬᠠᠨ ᠤ ᠴᠣᠩᠬᠤᠪᠴᠢ ᠮᠠᠶ᠋ᠢᠭ ᠤᠨ | ᠦᠢᠯᠡᠴᠢᠯᠡᠭᠡᠨ ᠤ ᠵᠠᠭᠪᠤᠷ ᠠᠴᠠ ᠳᠡᠭᠡᠭᠰᠢᠯᠡᠭᠦᠯᠦᠭᠡᠳ ᠨᠡᠭᠡᠭᠡᠯᠲᠡᠲᠦ ᠮᠠᠶ᠋ᠢᠭ ᠤᠨ ᠦᠢᠯᠡᠴᠢᠯᠡᠭᠡᠨ ᠤ ᠵᠠᠭᠪᠤᠷ ᠪᠣᠯᠭᠠᠨ | ᠥᠭᠡᠷᠡᠴᠢᠯᠡᠵᠦ᠂ ᠠᠵᠤ ᠠᠬᠤᠶᠢᠯᠠᠯ ᠪᠣᠯᠣᠨ ᠣᠯᠠᠨ ᠲᠦᠮᠡᠨ ᠳᠤ ᠪᠢᠴᠢᠭ ᠮᠠᠲ᠋ᠧᠷᠢᠶᠠᠯ ᠭᠦᠢᠴᠡᠳᠬᠡᠬᠦ ᠵᠥᠪᠯᠡᠯᠭᠡ | ᠥᠭᠬᠦ᠂ ᠬᠦᠰᠦᠨᠦᠭᠲᠦ ᠲᠠᠭᠯᠠᠬᠤ ᠶᠢ ᠵᠢᠯᠣᠭᠤᠳᠬᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤᠮᠳᠠᠬᠢ | ᠬᠦᠴᠢᠷᠳᠡᠯ ᠪᠠ ᠲᠦᠭᠵᠢᠷᠡᠯ ᠢ ᠰᠢᠯᠤᠭᠤᠳᠬᠠᠬᠤ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ ᠵᠡᠷᠭᠡ ᠪᠥᠬᠦ ᠲᠠᠯ᠎ᠠ ᠶᠢᠨ | ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠳᠤ ︽ᠳᠣᠲᠣᠨᠣ︾ ᠦᠢᠯᠡᠴᠢᠯᠡᠭᠡ ᠶᠢ | ᠦᠨᠡᠨ ᠬᠦ ᠮᠡᠳᠡᠷᠡᠭᠦᠯᠵᠦ ᠪᠠᠶᠢᠨ᠎ᠠ᠃ | ᠦᠢᠯᠡᠴᠢᠯᠡᠭᠡᠨ ᠤ ︽ᠬᠦᠴᠢᠷᠳᠡᠯ︾ ᠢ ᠰᠢᠪᠲᠤᠯᠵᠤ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠥᠪᠡᠷ ᠢᠶᠠᠨ | ᠭᠦᠢᠴᠡᠳᠬᠡᠬᠦ ᠦᠢᠯᠡᠴᠢᠯᠡᠭᠡ ᠶᠢ ᠠᠬᠢᠭᠤᠯᠵᠤ ᠪᠠᠶᠢᠨ᠎ᠠ᠃ ᠲᠢᠩᠬᠢᠮ ᠳᠤ ᠣᠷᠣᠬᠤ ᠡᠯ᠎ᠡ ᠴᠣᠩᠬᠤᠪᠴᠢ ᠶᠢᠨ ᠲᠥᠷᠥᠯ | ᠵᠦᠢᠯ ᠳᠤ ︽ᠨᠢᠭᠡ ᠯᠡ ᠤᠳᠠᠭ᠎ᠠ ᠳᠤ ᠭᠦᠢᠴᠡᠳᠬᠡᠵᠦ ᠥᠭᠬᠦ︾ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ | ᠪᠠᠶᠢᠭᠤᠯᠵᠤ᠂ ᠨᠢᠭᠡᠳᠦᠯᠲᠡᠶ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠪᠠᠶᠢᠭᠤᠯᠪᠠ᠃ ︽ᠢᠨᠲ᠋ᠧᠷ ᠰᠦᠯᠵᠢᠶ᠎ᠡ | + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠢᠴᠡᠳ ᠠᠰᠢᠭᠯᠠᠵᠤ᠂ ︽ᠮᠡᠳᠡᠭᠡ ᠵᠠᠩᠭᠢ ᠶᠢ ᠢᠯᠡᠭᠦᠬᠡᠨ | ᠳᠠᠮᠵᠢᠭᠤᠯᠵᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠢ ᠳᠤᠲᠠᠭᠤ ᠭᠦᠶᠦᠯᠭᠡᠬᠦ︾ ᠪᠣᠯᠭᠠᠵᠠᠢ᠃ 24 ᠴᠠᠭ ︽ | ᠡᠭᠦᠳᠡ ᠪᠠᠨ ᠬᠠᠭᠠᠬᠤ ᠦᠭᠡᠢ︾ ᠦᠢᠯᠡᠴᠢᠯᠡᠭᠡᠨ ᠤ ᠲᠣᠭᠤᠷᠢᠭ ᠭᠠᠷᠭᠠᠵᠤ᠂ ᠠᠵᠢᠯ ᠶᠠᠪᠤᠳᠠᠯ ᠭᠦᠢᠴᠡᠳᠬᠡᠵᠦ | ᠪᠠᠶᠢᠭ᠎ᠠ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠨᠡᠶᠢᠭᠡᠮ ᠤᠨ | ᠪᠠᠲᠤᠯᠠᠭ᠎ᠠ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠭᠠᠶᠢᠯᠢ ᠶᠢᠨ ᠪᠠᠷᠢᠮᠲᠠ | ᠭᠠᠷᠭᠠᠬᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠵᠠᠷᠤᠳᠠᠯ ᠲᠤᠰᠢᠶᠠᠬᠤ ᠵᠡᠷᠭᠡ ᠶᠡᠷᠦᠩᠬᠡᠶᠢᠯᠡᠭᠰᠡᠨ | ᠲᠤᠬᠠᠶᠢᠯᠠᠭᠰᠠᠨ ᠠᠵᠢᠯ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠣᠯᠤᠨ ᠠᠵᠢᠯ ᠶᠠᠪᠤᠳᠠᠯ ᠭᠦᠢᠴᠡᠳᠬᠡᠵᠦ | ᠪᠠᠶᠢᠭ᠎ᠠ ᠣᠯᠠᠨ ᠲᠦᠮᠡᠨ ᠳᠤ ᠥᠨᠳᠥᠷ ᠪᠦᠲᠦᠮᠵᠢᠲᠡᠶ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠠᠩᠭᠠᠵᠤ ᠪᠠᠶᠢᠨ᠎ᠠ᠃ ᠣᠳᠣᠬᠠᠨ ᠳᠤ ᠪᠥᠬᠦ ᠬᠤᠲᠠ ᠶᠢᠨ ᠬᠤᠲᠠ ᠶᠢᠨ ᠰᠢᠭᠤᠳ ᠬᠠᠷᠢᠶ᠎ᠠ ᠪᠦᠬᠦᠢ 38 ᠰᠠᠯᠠᠭ᠎ᠠ | ᠮᠥᠴᠢᠷ᠂ ᠨᠢᠭᠡᠴᠢ ᠶᠢᠨ 417 ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠨᠢᠭᠡᠨᠲᠡ | ᠡᠯᠧᠺᠲᠷᠣᠨ ᠵᠠᠰᠠᠭ ᠤᠨ ᠶᠠᠪᠤᠳᠠᠯ ᠤᠨ ᠰᠢᠰᠲ᠋ᠧᠮ ᠳᠤ ᠣᠷᠣᠭᠤᠯᠪᠠ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ︽ᠬᠦᠯᠢᠶᠡᠰᠦ︾ ᠶᠢ ᠰᠤᠯᠠᠳᠬᠠᠵᠤ᠂ ᠣᠯᠠᠨ ᠲᠦᠮᠡᠨ ᠤ ︽ | ᠰᠠᠭᠠᠳ︾ ᠢ ᠠᠷᠢᠯᠭᠠᠵᠤ ᠪᠠᠶᠢᠨ᠎ᠠ᠃ ᠠᠵᠤ ᠠᠬᠤᠶᠢᠯᠠᠯ ᠳᠤ ᠵᠣᠷᠢᠭᠤᠯᠤᠭᠰᠠᠨ ᠦᠢᠯᠡᠴᠢᠯᠡᠭᠡᠨ ᠤ ᠲᠤᠰᠬᠠᠢ ᠭᠠᠵᠠᠷ | ᠲᠣᠬᠢᠷᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ᠂ ᠠᠯᠪᠠᠨ ᠲᠠᠮᠠᠭ᠎ᠠ ᠰᠡᠶᠢᠯᠦᠨ | ᠦᠢᠯᠡᠳᠬᠦ᠂ ᠪᠠᠷᠢᠮᠲᠠ ᠭᠤᠶᠤᠴᠢᠯᠠᠬᠤ᠂ ᠪᠠᠩᠬᠢ ᠶᠢᠨ ᠳᠠᠩᠰᠠ ᠨᠡᠭᠡᠭᠡᠬᠦ ᠵᠡᠷᠭᠡ ᠲᠤᠬᠠᠶᠢᠯᠠᠭᠰᠠᠨ ᠠᠵᠢᠯ ᠢ | ᠦᠢᠯᠡᠴᠢᠯᠡᠭᠡᠨ ᠤ ᠭᠠᠵᠠᠷ ᠲᠤ ᠲᠥᠪᠯᠡᠷᠡᠭᠦᠯᠦᠨ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠳᠡᠰ | ᠳᠠᠷᠠᠭᠠᠯᠠᠯ ᠢᠶᠠᠷ ᠡᠯ᠎ᠡ ᠰᠠᠯᠠᠭ᠎ᠠ ᠮᠥᠴᠢᠷ ᠲᠤ ᠮᠠᠲ᠋ᠧᠷᠢᠶᠠᠯ ᠲᠤᠰᠢᠶᠠᠬᠤ ᠤᠯᠠᠮᠵᠢᠯᠠᠯᠲᠤ ᠠᠵᠢᠯ ᠶᠠᠪᠤᠳᠠᠯ ᠭᠦᠢᠴᠡᠳᠬᠡᠬᠦ | ᠴᠤᠪᠤᠷᠠᠯ ᠢ ᠨᠢᠭᠡ ᠯᠡ ᠤᠳᠠᠭ᠎ᠠ ᠳᠤ ᠲᠤᠰᠢᠶᠠᠵᠦ᠂ ᠵᠡᠷᠭᠡ ᠳᠤᠨᠢ ᠭᠦᠢᠴᠡᠳᠬᠡᠬᠦ᠂ ᠮᠡᠳᠡᠭᠡ ᠵᠠᠩᠭᠢ ᠶᠢ ᠬᠠᠮᠲᠤᠪᠠᠷ | ᠬᠦᠷᠲᠡᠬᠦ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ ︽ᠨᠢᠭᠡ ᠯᠡ ᠴᠣᠩᠬᠤᠪᠴᠢ ᠪᠠᠷ ᠬᠦᠯᠢᠶᠡᠨ ᠠᠪᠴᠤ | ᠭᠦᠢᠴᠡᠳᠬᠡᠬᠦ︾ ᠴᠤᠪᠤᠷᠠᠯ ᠪᠣᠯᠭᠠᠨ ᠥᠭᠡᠷᠡᠴᠢᠯᠡᠭᠰᠡᠨ ᠪᠠᠶᠢᠨ᠎ᠠ᠃ ᠠᠵᠤ ᠠᠬᠤᠶᠢᠯᠠᠯ ᠳᠤ ᠭᠦᠢᠴᠡᠳᠬᠡᠵᠦ ᠥᠭᠬᠦ | ᠦᠶᠡᠯᠡᠯ ᠤᠨ ᠬᠤᠭᠤᠴᠠᠭ᠎ᠠ ᠶᠢ ᠤᠤᠯ ᠤᠨ 12.7 ᠠᠵᠢᠯᠯᠠᠬᠤ ᠡᠳᠦᠷ ᠪᠠᠶᠢᠭᠰᠠᠨ ᠠᠴᠠ ᠨᠢ ᠪᠣᠭᠤᠨᠢᠰᠬᠠᠭᠠᠳ 0.5 | ᠠᠵᠢᠯᠯᠠᠬᠤ ᠡᠳᠦᠷ ᠪᠣᠯᠭᠠᠵᠤ᠂ ᠭᠦᠢᠴᠡᠳᠬᠡᠨ ᠰᠢᠢᠳᠪᠦᠷᠢᠯᠡᠬᠦ ᠭᠤᠭᠴᠤᠭ᠎ᠠ ᠶᠢ 4.9 ᠪᠠᠶᠢᠭᠰᠠᠨ ᠠᠴᠠ ᠨᠢ | ᠬᠠᠰᠤᠭᠠᠳ 3 ᠪᠣᠯᠭᠠᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ 22 ᠪᠠᠶᠢᠭᠰᠠᠨ ᠠᠴᠠ ᠨᠢ ᠬᠠᠰᠤᠭᠠᠳ 15 | ᠪᠣᠯᠭᠠᠪᠠ᠃ |