ᠪᠠᠶᠠᠨᠨᠠᠭᠤᠷ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 14 ᠰᠠᠷ᠎ᠠ ᠳᠠᠷᠠᠭᠠᠯᠠᠨ ᠪᠥᠬᠦ ᠣᠷᠣᠨ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2019/8/22
     2019 ᠣᠨ ᠤ 1 — 7 ᠳ᠋ᠤᠭᠠᠷ ᠰᠠᠷ᠎ᠠ ᠳᠤ ᠪᠠᠶᠠᠨᠨᠠᠭᠤᠷ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 166.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31% ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠣᠷᠣᠨ ᠤ ᠨᠡᠮᠡᠭᠳᠡᠯ ᠤᠨ ᠬᠤᠷᠳᠤᠴᠠ ᠠᠴᠠ 4 ᠵᠠᠭᠤᠨ ᠤ ᠴᠡᠭ ᠥᠨᠳᠥᠷ ᠪᠣᠯᠵᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠎ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠣᠭᠠᠨ ᠤ 26.4%᠎ ᠶᠢ ᠡᠵᠡᠯᠡᠪᠡ᠃ ᠡᠭᠦᠨ ᠳᠤ ᠭᠠᠳᠠᠭᠠᠳᠤ ᠭᠠᠷᠭᠠᠯᠲᠠ 23.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠨᠡᠮᠡᠭᠳᠡᠪᠡ︔ ᠭᠠᠳᠠᠭᠠᠳᠤ ᠣᠷᠣᠭᠤᠯᠤᠯᠲᠠ 143.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.9% ᠨᠡᠮᠡᠭᠳᠡᠪᠡ᠃ ᠪᠠᠶᠠᠨᠨᠠᠭᠤᠷ ᠬᠤᠲᠠ ᠶᠢᠨ ᠭᠠᠳᠠᠭᠠᠳᠤ ᠠᠷᠠᠯᠵᠢᠶ᠎ᠠ 2018 ᠣᠨ ᠤ 5 ᠳ᠋ᠤᠭᠠᠷ ᠰᠠᠷ᠎ᠠ ᠠᠴᠠ ᠨᠠᠭᠠᠰᠢ᠂ 14 ᠰᠠᠷ᠎ᠠ ᠳᠠᠷᠠᠭᠠᠯᠠᠨ ᠪᠦᠬᠦ ᠣᠷᠣᠨ ᠳᠤ ᠲᠡᠷᠢᠭᠦᠯᠡᠭᠰᠡᠨ ᠪᠦᠭᠡᠳ ᠦᠷᠭᠦᠯᠵᠢᠯᠡᠨ ᠨᠡᠯᠢᠶᠡᠳ ᠶᠡᠭᠡ ᠬᠡᠮᠵᠢᠶ᠎ᠡ ᠪᠠᠷ ᠨᠡᠮᠡᠭᠳᠡᠵᠦ᠂ ᠢᠯᠡᠷᠬᠡᠢ ᠦᠷ᠎ᠡ ᠪᠦᠲᠦᠮᠵᠢ ᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号