| | | 8 ᠰᠠᠷ᠎ᠠ ᠶᠢᠨ 23 ᠤ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ | ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ᠂ ᠪᠦᠬᠦ ᠤᠷᠤᠨ ᠤ ︽ᠬᠠᠷᠠᠭ᠎ᠠ ᠤᠷᠤᠭᠤᠯᠬᠤ | ᠠᠶᠠᠯᠠᠯ︾ ᠤᠨ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ | ᠡᠷᠬᠢᠯᠡᠭᠴᠢ ᠬᠡᠰᠢᠬᠦᠨ ᠪᠦ᠋ ᠰᠢᠶᠤᠤ ᠯᠢᠨ ᠶᠠᠷᠢᠶᠠᠨ ᠤ ᠲᠠᠪᠴᠠᠩ ᠳᠤ ᠤᠷᠤᠯᠴᠠᠭᠰᠠᠠ ᠪᠦᠬᠡᠳ ᠰᠤᠷᠭᠠᠨ ᠬᠦᠮᠥᠵᠢᠯ | ᠤᠨ ᠶᠠᠮᠤᠨ ᠤ ᠪᠦᠬᠦ ᠤᠯᠤᠰ ᠤᠨ ᠤᠶᠢᠷ᠎ᠡ ᠬᠠᠷᠠᠭ᠎ᠠ ᠶᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠲᠤᠰᠬᠠᠢ | ᠮᠡᠷᠬᠡᠵᠢᠯᠳᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠠᠷᠤᠭ᠎ᠠ᠂ ᠤᠯᠤᠰ ᠤᠨ ᠨᠢᠳᠤᠨ ᠤ ᠡᠪᠡᠳᠴᠢᠨ | ᠡᠮᠬᠡᠭ ᠤᠨ ᠡᠮᠴᠢᠯᠡᠬᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠦᠪ ᠤᠨ ᠡᠷᠬᠢᠯᠡᠭᠴᠢ ᠴᠢᠤᠢ ᠵᠢᠶᠠ ᠳᠤ | ︽ᠵᠠᠯᠠᠭᠤᠴᠤᠳ ᠪᠠᠭᠠᠴᠤᠳ ᠤᠨ ᠨᠢᠳᠤᠨ ᠤ ᠡᠷᠡᠬᠦᠯ ᠮᠡᠨᠳᠤ ᠶᠢ ᠬᠠᠯᠠᠮᠵᠢᠯᠠᠬᠤ ᠨᠢᠳᠤ ᠬᠠᠮᠠᠭᠠᠯᠠᠬᠤ ᠠᠵᠢᠯᠯᠠᠭ᠎ᠠ | ᠶᠢᠨ ᠵᠦᠪᠯᠡᠭᠴᠢ︾ ᠶᠢᠨ ᠤᠷᠢᠯᠭ᠎ᠠ ᠶᠢᠨ ᠪᠢᠴᠢᠭ ᠢ ᠭᠠᠷᠳᠠᠭᠤᠯᠪᠠ᠃ | | | 8 ᠰᠠᠷ᠎ᠠ ᠶᠢᠨ 23 ᠤ ᠦᠳᠡ ᠶᠢᠨ ᠡᠮᠤᠨ᠎ᠡ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠬᠡᠤᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠬᠡᠶᠢᠯᠡᠨ ᠬᠢᠵᠠᠭᠠᠷᠯᠠᠬᠤ ᠲᠦᠷᠦᠬᠦᠴᠤᠳ ᠤᠨ | ᠶᠠᠷᠢᠶᠠᠨ ᠤ ᠲᠠᠪᠴᠠᠩ ᠤᠨ ᠬᠤᠷᠡᠯ ᠬᠦᠬᠡᠬᠤᠳᠠ ᠳᠤ ᠬᠤᠷᠡᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠬᠦᠯᠡᠭᠴᠢ᠂ ᠪᠦᠬᠦ ᠤᠷᠤᠨ ᠤ ︽ᠬᠠᠷᠠᠭ᠎ᠠ ᠤᠷᠤᠭᠤᠯᠬᠤ ᠠᠶᠠᠯᠠᠯ︾ ᠤᠨ ᠨᠡᠶᠢᠬᠡᠮ ᠤᠨ ᠨᠡᠶᠢᠳᠡ ᠶᠢᠨ ᠠᠰᠠᠷᠠᠮᠵᠢ | ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ ᠬᠡᠰᠢᠬᠦᠨ ᠪᠦ᠋ ᠰᠢᠶᠤᠤ ᠯᠢᠨ ᠶᠠᠷᠢᠶᠠᠨ ᠤ | ᠲᠠᠪᠴᠠᠩ ᠳᠤ ᠤᠷᠤᠯᠴᠠᠭᠰᠠᠠ ᠪᠦᠬᠡᠳ ᠰᠤᠷᠭᠠᠨ ᠬᠦᠮᠥᠵᠢᠯ ᠤᠨ ᠶᠠᠮᠤᠨ ᠤ ᠪᠦᠬᠦ ᠤᠯᠤᠰ ᠤᠨ ᠤᠶᠢᠷ᠎ᠡ ᠬᠠᠷᠠᠭ᠎ᠠ | ᠶᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠲᠤᠰᠬᠠᠢ ᠮᠡᠷᠬᠡᠵᠢᠯᠳᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠲᠠᠷᠤᠭ᠎ᠠ᠂ ᠤᠯᠤᠰ ᠤᠨ ᠨᠢᠳᠤᠨ ᠤ ᠡᠪᠡᠳᠴᠢᠨ ᠡᠮᠬᠡᠭ ᠤᠨ ᠡᠮᠴᠢᠯᠡᠬᠡᠨ ᠤ ᠠᠨᠠᠭᠠᠬᠤ ᠤᠬᠠᠭᠠᠨ ᠤ ᠰᠤᠳᠤᠯᠭᠠᠨ ᠤ | ᠲᠦᠪ ᠤᠨ ᠡᠷᠬᠢᠯᠡᠭᠴᠢ ᠴᠢᠤᠢ ᠵᠢᠶᠠ ᠳᠤ ︽ᠵᠠᠯᠠᠭᠤᠴᠤᠳ ᠪᠠᠭᠠᠴᠤᠳ ᠤᠨ ᠨᠢᠳᠤᠨ ᠤ ᠡᠷᠡᠬᠦᠯ ᠮᠡᠨᠳᠤ ᠶᠢ | ᠬᠠᠯᠠᠮᠵᠢᠯᠠᠬᠤ ᠨᠢᠳᠤ ᠬᠠᠮᠠᠭᠠᠯᠠᠬᠤ ᠠᠵᠢᠯᠯᠠᠭ᠎ᠠ ᠶᠢᠨ ᠵᠦᠪᠯᠡᠭᠴᠢ︾ ᠶᠢᠨ ᠤᠷᠢᠯᠭ᠎ᠠ ᠶᠢᠨ ᠪᠢᠴᠢᠭ ᠢ ᠭᠠᠷᠳᠠᠭᠤᠯᠪᠠ᠃ | ᠶᠠᠷᠢᠶᠠᠨ ᠤ ᠲᠠᠪᠴᠠᠩ ᠢ ᠦᠪᠤᠷ ᠮᠤᠩᠭᠤᠯ ᠤᠨ ᠢᠷᠠᠭᠤ ᠠᠯᠳᠠᠷᠳᠦ ᠦᠢᠯᠡᠰ ᠢ ᠠᠬᠢᠭᠤᠯᠬᠤ ᠬᠤᠷᠡᠯ᠂ | ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠰᠤᠷᠭᠠᠨ ᠬᠦᠮᠥᠵᠢᠯ ᠤᠨ ᠲᠢᠩᠬᠢᠮ᠂ | ᠡᠷᠡᠬᠦᠯ ᠬᠠᠮᠠᠭᠠᠯᠠᠯ ᠪᠠ ᠡᠷᠡᠬᠦᠯ ᠮᠡᠨᠳᠤ ᠶᠢᠨ ᠵᠦᠪᠯᠡᠯ ᠵᠡᠷᠬᠡ ᠰᠠᠯᠠᠭ᠎ᠠ ᠮᠦᠴᠢᠷ ᠭᠤᠤᠯᠯᠠᠨ ᠡᠷᠬᠢᠯᠡᠵᠥ᠂ ᠴᠤᠤ ᠵᠢᠤᠢ | ᠨᠢᠳᠤᠨ ᠤ ᠡᠮᠨᠡᠯᠬᠡ ᠶᠢᠨ ᠬᠤᠷᠢᠶᠠᠨ ᠤ ᠪᠦᠯᠥᠭᠯᠡᠯ ᠲᠠᠭᠠᠭᠠᠴᠢᠯᠠᠨ ᠡᠷᠬᠢᠯᠡᠵᠥ᠂ ᠶᠡᠷᠤᠩᠬᠡᠢ ᠱᠦᠵᠢ ᠰᠢ ᠶᠢᠨ ᠫᠢᠩ | ᠤᠨ ᠰᠤᠷᠤᠭᠴᠢ ᠶᠢᠨ ᠤᠶᠢᠷ᠎ᠡ ᠬᠠᠷᠠᠭ᠎ᠠ ᠶᠢᠨ ᠠᠰᠠᠭᠤᠳᠠᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ | ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠰᠤᠷᠭᠠᠨ ᠬᠦᠮᠥᠵᠢᠯ ᠤᠨ ᠶᠠᠮᠤᠨ᠂ ᠡᠷᠡᠬᠦᠯ | ᠬᠠᠮᠠᠭᠠᠯᠠᠯ ᠪᠠ ᠡᠷᠡᠬᠦᠯ ᠮᠡᠨᠳᠤ ᠶᠢᠨ ᠵᠦᠪᠯᠡᠯ ᠵᠡᠷᠬᠡ ᠨᠠᠢᠮᠠᠨ ᠰᠠᠯᠠᠭ᠎ᠠ ᠮᠦᠴᠢᠷ ᠤᠨ ᠬᠠᠮᠳᠤᠷᠠᠵᠥ ᠲᠠᠷᠤᠮᠠᠯᠯᠠᠨ | ᠲᠠᠷᠬᠠᠭᠠᠭᠰᠠᠠ ︽ᠬᠡᠤᠬᠡᠳ ᠵᠠᠯᠠᠭᠤᠴᠤᠳ ᠪᠠᠭᠠᠴᠤᠳ ᠤᠨ ᠤᠶᠢᠷ᠎ᠠ ᠬᠠᠷᠠᠭ᠎ᠠ ᠶᠢ ᠶᠡᠷᠤᠩᠬᠡᠶᠢᠯᠡᠨ ᠰᠡᠷᠬᠡᠶᠢᠯᠡᠨ | ᠬᠢᠵᠠᠭᠠᠷᠯᠠᠬᠤ ᠠᠵᠢᠯ ᠤᠨ ᠬᠡᠷᠡᠭᠵᠢᠬᠦᠯᠬᠦ ᠲᠦᠰᠦᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠬᠡᠤᠬᠡᠳ | ᠵᠠᠯᠠᠭᠤᠴᠤᠳ ᠪᠠᠭᠠᠴᠤᠳ ᠤᠨ ᠤᠶᠢᠷ᠎ᠠ ᠬᠠᠷᠠᠭ᠎ᠠ ᠶᠢᠨ ᠨᠤᠷᠮ᠎ᠡ ᠶᠢ ᠪᠠᠭᠤᠷᠠᠭᠤᠯᠬᠤ ᠠᠵᠢᠯ ᠢ ᠤᠯᠠᠮ ᠴᠢᠨᠠᠬᠰᠢᠳᠠ | ᠰᠠᠶᠢᠳᠤᠷ ᠬᠢᠵᠥ᠂ ᠪᠦᠬᠦ ᠤᠷᠤᠨ ᠤ ︽ᠬᠠᠷᠠᠭ᠎ᠠ ᠤᠷᠤᠭᠤᠯᠬᠤ ᠠᠶᠠᠯᠠᠯ︾ ᠤᠨ ᠨᠡᠶᠢᠬᠡᠮ ᠤᠨ ᠨᠡᠶᠢᠳᠡ ᠶᠢᠨ | ᠠᠰᠠᠷᠠᠮᠵᠢ ᠶᠢᠨ ᠠᠵᠢᠯᠯᠠᠭ᠎ᠠ ᠶᠢᠨ ᠬᠦᠨᠵᠡᠬᠡᠶᠢᠷᠡᠨ ᠬᠦᠭᠵᠢᠬᠦ ᠶᠢ ᠠᠬᠢᠭᠤᠯᠬᠤ ᠶᠢᠨ ᠲᠦᠯᠥᠬᠡ ᠶᠤᠮ᠃ | ᠶᠠᠷᠢᠶᠠᠨ ᠤ ᠲᠠᠪᠴᠠᠩ ᠳᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠨᠢᠳᠤᠨ ᠤ ᠰᠠᠯᠠᠭ᠎ᠠ ᠶᠢᠨ ᠲᠤᠰᠬᠠᠢ | ᠮᠡᠷᠬᠡᠵᠢᠯᠳᠡᠳ ᠬᠡᠤᠬᠡᠳ ᠵᠠᠯᠠᠭᠤᠴᠤᠳ ᠪᠠᠭᠠᠴᠤᠳ ᠤᠨ ᠤᠶᠢᠷ᠎ᠠ ᠬᠠᠷᠠᠭ᠎ᠠ ᠶᠢ ᠰᠡᠷᠬᠡᠶᠢᠯᠡᠬᠦ ᠠᠷᠭ᠎ᠠ ᠬᠡᠮᠵᠢᠶ᠎ᠡ ᠶᠢᠨ | ᠰᠢᠨ᠎ᠡ ᠠᠬᠢᠴᠠ᠂ ᠬᠡᠤᠬᠡᠳ ᠵᠠᠯᠠᠭᠤᠴᠤᠳ ᠪᠠᠭᠠᠴᠤᠳ ᠤᠨ ᠤᠶᠢᠷ᠎ᠡ ᠬᠠᠷᠠᠭ᠎ᠠ ᠶᠢᠨ ᠬᠠᠮᠢᠶᠠᠷᠤᠯᠳᠠ᠂ ᠬᠡᠤᠬᠡᠳ | ᠵᠠᠯᠠᠭᠤᠴᠤᠳ ᠪᠠᠭᠠᠴᠤᠳ ᠤᠨ ᠤᠶᠢᠷ᠎ᠡ ᠬᠠᠷᠠᠭ᠎ᠠ ᠶᠢ ᠰᠡᠷᠬᠡᠶᠢᠯᠡᠨ ᠬᠢᠵᠠᠭᠠᠷᠯᠠᠬᠤ ᠠᠵᠢᠯ ᠢ ᠰᠠᠶᠢᠳᠤᠷ ᠬᠢᠬᠦ ᠵᠡᠷᠬᠡ | ᠭᠤᠤᠯ ᠰᠡᠳᠤᠪ ᠤᠨ ᠲᠤᠭᠤᠷᠢᠨ ᠳᠤ ᠡᠷᠳᠡᠮ ᠰᠢᠨᠵᠢᠯᠡᠬᠡᠨ ᠤ ᠰᠤᠯᠢᠯᠴᠠᠭ᠎ᠠ ᠬᠢᠵᠥ᠂ ᠤᠯᠤᠰ ᠤᠨ ᠲᠤᠳᠤᠭᠠᠳᠤ | ᠭᠠᠳᠠᠭᠠᠳᠤ ᠶᠢᠨ ᠬᠡᠤᠬᠡᠳ ᠵᠠᠯᠠᠭᠤᠴᠤᠳ ᠪᠠᠭᠠᠴᠤᠳ ᠤᠨ ᠤᠶᠢᠷ᠎ᠠ ᠬᠠᠷᠠᠭ᠎ᠠ ᠶᠢ ᠰᠡᠷᠬᠡᠶᠢᠯᠡᠨ ᠬᠢᠵᠠᠭᠠᠷᠯᠠᠬᠤ | ᠲᠦᠷᠦᠭᠦᠨ ᠤ ᠤᠶᠢᠯᠠᠭᠠᠬᠳᠠᠬᠤᠨ᠂ ᠮᠠᠨ ᠤ ᠤᠷᠤᠨ ᠤ 2018 ᠣᠨ ᠤ ᠬᠡᠤᠬᠡᠳ ᠵᠠᠯᠠᠭᠤᠴᠤᠳ ᠪᠠᠭᠠᠴᠤᠳ ᠤᠨ | ᠤᠶᠢᠷ᠎ᠠ ᠬᠠᠷᠠᠭ᠎ᠠ ᠶᠢᠨ ᠪᠠᠶᠢᠴᠠᠭᠠᠯᠳᠠ ᠶᠢᠨ ᠠᠵᠢᠯ᠂ ᠪᠦᠬᠦ ᠤᠷᠤᠨ ᠤ ︽ᠬᠠᠷᠠᠭ᠎ᠠ ᠤᠷᠤᠭᠤᠯᠬᠤ ᠠᠶᠠᠯᠠᠯ︾ ᠤᠨ | ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠠᠬᠢᠴᠠ ᠵᠡᠷᠬᠡ ᠪᠠᠶᠢᠳᠠᠯ ᠢ ᠲᠠᠨᠢᠯᠴᠠᠭᠤᠯᠪᠠ᠃ | ᠪᠦᠬᠦ ᠤᠷᠤᠨ ᠤ ︽ᠬᠠᠷᠠᠭ᠎ᠠ ᠤᠷᠤᠭᠤᠯᠬᠤ ᠠᠶᠠᠯᠠᠯ︾ ᠤᠨ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ | ᠠᠵᠢᠯᠯᠠᠭ᠎ᠠ ᠨᠢ ᠪᠦᠬᠦ ᠤᠷᠤᠨ ᠤ 103 ᠬᠤᠰᠢᠭᠤ ᠰᠢᠶᠠᠨ ︵ᠬᠤᠳᠠ᠂ ᠲᠤᠭᠤᠷᠢᠭ︶ ᠤ ᠶᠠᠳᠠᠭᠤ ᠬᠦᠴᠢᠷᠳᠡᠯᠳᠡᠢ | ᠬᠡᠷ ᠪᠦᠯᠢ ᠶᠢᠨ ᠴᠠᠭᠠᠨ ᠬᠠᠷᠠᠩ ᠡᠪᠡᠳᠴᠢᠳᠡᠨ ᠳᠤ ᠬᠦᠮᠦᠯᠢᠭ ᠦᠵᠡᠯ ᠤᠨ ᠠᠪᠤᠷᠠᠨ ᠲᠤᠰᠠᠯᠠᠬᠤ ᠠᠵᠢᠯᠯᠠᠭ᠎ᠠ | ᠦᠷᠨᠢᠬᠦᠯᠪᠠ᠂ ᠠᠵᠢᠯᠯᠠᠭ᠎ᠠ ᠶᠢ 2015 ᠣᠨ ᠠᠴᠠ ᠡᠬᠢᠯᠡᠨ ᠦᠷᠨᠢᠬᠦᠯᠥᠭᠰᠡᠡ ᠠᠴᠠ ᠨᠠᠭᠠᠰᠢ᠂ ᠨᠡᠶᠢᠳᠡ 23884 | ᠤᠳᠠᠭᠠᠨ ᠤ ᠬᠠᠷᠠᠭ᠎ᠠ ᠤᠷᠤᠭᠤᠯᠬᠤ ᠮᠠᠰᠠ ᠵᠠᠰᠠᠯ ᠬᠢᠵᠥ᠂ 62.94 ᠲᠦᠮᠡᠨ ᠨᠢᠳᠤᠨ ᠡᠪᠡᠳᠴᠢᠳᠡᠨ ᠢ ᠰᠤᠭᠤᠴᠢᠨ | ᠪᠠᠶᠢᠴᠠᠭᠠᠵᠥ᠂ ᠤᠨᠢᠨ ᠲᠡᠬᠡᠷ᠎ᠡ ᠨᠢ ᠶᠠᠳᠠᠭᠤ ᠶᠢ ᠲᠡᠳᠬᠦᠬᠦ ᠳᠤ ᠲᠤᠰᠠᠯᠠᠬᠤ᠂ ᠬᠢᠯᠢ ᠬᠢᠵᠠᠭᠠᠷ ᠤᠨ ᠠᠮᠤᠷ ᠲᠦᠪᠰᠢᠨ | ᠪᠤᠯᠤᠨ ᠨᠡᠶᠢᠬᠡᠮ ᠤᠨ ᠲᠤᠭᠳᠠᠭᠤᠨ ᠢ ᠬᠠᠮᠠᠭᠠᠯᠠᠬᠤ ᠲᠤᠮᠳᠠ ᠴᠢᠬᠤᠯᠠ ᠦᠢᠯᠡᠳᠦᠯ ᠦᠵᠡᠬᠦᠯᠵᠡᠢ᠃ |