ᠪᠤᠭᠤᠲᠤ ᠬᠤᠲᠠ ᠰᠤᠷᠭᠠᠭᠤᠯᠢ ᠳᠤ ᠪᠠᠶᠢᠭ᠎ᠠ ᠰᠤᠷᠤᠭᠴᠢ ᠵᠡᠷᠭᠡ ᠬᠥᠮᠥᠰ ᠤᠨ ᠡᠮ ᠡᠮᠨᠡᠯᠭᠡ ᠶᠢᠨ ᠳᠠᠭᠠᠳᠬᠠᠯ ᠎ ᠤᠨ ᠰᠦᠢᠳᠬᠡᠯ ᠲᠤᠰᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2019/8/27
     ᠣᠶᠢᠷ᠎ᠠ ᠳᠤ᠂ ᠪᠤᠭᠤᠲᠤ ᠬᠤᠲᠠ 2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠠᠬᠢ ᠰᠤᠷᠭᠠᠭᠤᠯᠢ ᠪᠠ ᠴᠡᠴᠡᠷᠯᠢᠭ ᠲᠤ ᠪᠠᠶᠢᠭ᠎ᠠ ᠰᠤᠷᠤᠭᠴᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ᠂ ᠨᠢᠯᠬ᠎ᠠ ᠬᠡᠦᠬᠡᠳ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠡᠢ᠃      ︽2019 ᠣᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ 》︵ᠥᠪᠥᠷ ᠡᠮᠨᠡᠯᠭᠡ ᠳᠠᠭᠠᠳᠬᠠᠯ ᠲᠠᠷᠬᠠᠭᠠᠭᠰᠠᠨ ﹇2019﹈ 6 ᠳ᠋ᠤᠭᠠᠷ ᠲᠣᠭᠠᠲᠤ )᠎ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠬᠤ ᠶᠢᠨ ᠲᠤᠰᠠᠳᠠ᠂ ᠪᠤᠭᠤᠳᠤ ᠬᠤᠲᠠ ᠶᠢᠨ ᠰᠤᠷᠭᠠᠭᠤᠯᠢ ᠪᠠ ᠴᠡᠴᠡᠷᠯᠢᠭ ᠲᠤ ᠪᠠᠶᠢᠭ᠎ᠠ ᠰᠤᠷᠤᠭᠴᠢᠳ ᠤᠨ 2019 ᠣᠨ ᠤ 9 ᠰᠠᠷ᠎ᠠ ᠶᠢᠨ 1᠎ ᠤ ᠡᠳᠦᠷ ᠰᠤᠷᠭᠠᠭᠤᠯᠢ ᠡᠬᠢᠯᠡᠭᠰᠡᠨ ᠤ ᠳᠠᠷᠠᠭ᠎ᠠ ᠳᠠᠭᠠᠳᠬᠠᠯ ᠎ ᠳᠤ ᠣᠷᠣᠯᠴᠠᠵᠤ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠢ ᠬᠡᠪ ᠤᠨ ᠶᠣᠰᠣᠭᠠᠷ ᠭᠦᠶᠴᠡᠳᠬᠡᠬᠦ ᠶᠢ ᠦᠨᠡᠨ ᠬᠦ ᠪᠠᠲᠤᠯᠠᠵᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠰᠢᠭᠦᠯᠬᠦ ᠵᠠᠷᠴᠢᠮ ᠶᠣᠰᠣᠭᠠᠷ᠂ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠵᠣᠬᠢᠴᠠᠩᠭᠤᠶ ᠪᠠᠲᠤᠯᠠᠭ᠎ᠠ ᠲᠠᠢ ᠪᠣᠯᠭᠠᠵᠤ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠡᠳ᠂ ᠪᠤᠭᠤᠲᠤ ᠬᠤᠲᠠ ᠶᠢᠨ 2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠠᠬᠢ ᠰᠤᠷᠭᠠᠭᠤᠯᠢ ᠪᠠ ᠴᠡᠴᠡᠷᠯᠢᠭ ᠲᠤ ᠪᠠᠶᠢᠭ᠎ᠠ ᠰᠤᠷᠤᠭᠴᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ᠂ ᠨᠢᠯᠬ᠎ᠠ ᠬᠡᠦᠬᠡᠳ ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠳᠤ ᠤᠷᠢᠳᠴᠢᠯᠠᠨ ᠲᠣᠬᠢᠷᠠᠭᠤᠯᠤᠯᠲᠠ ᠬᠢᠵᠦ᠂ ᠬᠤᠪᠢ ᠬᠥᠮᠦᠨ 150 ᠲᠥᠭᠦᠷᠢᠭ ᠲᠤᠰᠢᠶᠠᠵᠤ ᠪᠠᠶᠢᠭᠰᠠᠨ ᠢ 200 ᠲᠥᠭᠦᠷᠢᠭ ᠪᠣᠯᠭᠠᠨ ᠲᠣᠬᠢᠷᠠᠭᠤᠯᠪᠠ᠃ ᠰᠦᠶᠳᠬᠡᠯ ᠲᠤᠰᠢᠶᠠᠬᠤ ᠰᠢᠨ᠎ᠡ ᠪᠠᠷᠢᠮᠵᠢᠶ᠎ᠠ ᠶᠢ 2019 ᠣᠨ ᠤ 9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠡᠬᠢᠯᠡᠵᠦ ᠬᠡᠷᠡᠭᠵᠢᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号