ᠦᠬᠠᠶ ᠬᠤᠲᠠ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠤᠨ | ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠶ ᠦᠷᠨᠢᠬᠦᠯᠦᠨ᠂ ᠡᠯ᠎ᠡ ᠲᠥᠷᠥᠯ ᠤᠨ ᠤᠯᠤᠰ ᠤᠨ ᠲᠡᠰ | ᠤᠨ ᠪᠣᠯᠪᠠᠰᠣᠷᠠᠯ ᠢ ᠣᠯᠠᠨ ᠤᠳᠠᠭ᠎ᠠ ᠳᠠᠭᠠᠭᠠᠴᠢᠯᠠᠨ ᠡᠷᠬᠢᠯᠡᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ | ᠪᠠᠷ ᠬᠡᠷᠡᠭᠯᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠬᠦᠨᠵᠡᠬᠡᠶᠢᠷᠡᠬᠦᠯᠦᠨ᠂ | ᠣᠯᠤᠭᠰᠠᠨ ᠥᠭᠡᠷᠡᠴᠢᠯᠡᠯᠲᠡ ᠶᠢᠨ ᠲᠤᠷᠰᠢᠯᠭ᠎ᠠ ᠨᠢ ᠣᠯᠠᠨ ᠲᠠᠯ᠎ᠠ ᠪᠠᠷ ᠨᠣᠳᠠᠯᠠᠭᠳᠠᠵᠤ ᠤᠯᠠᠨ ᠤ ᠬᠦᠷᠢᠶᠡᠯᠡᠯ ᠢ | ᠣᠯᠵᠡᠢ᠃ | ᠦᠬᠠᠶ ᠬᠤᠲᠠ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠳᠦᠷᠢᠮ ᠢ ᠪᠠᠶᠢᠭᠤᠯᠣᠨ ᠪᠦᠷᠢᠨᠰᠢᠬᠦᠯᠬᠦ ᠲᠤᠷᠰᠢᠯᠲᠠ ᠶᠢᠨ ᠭᠠᠵᠠᠷ ᠣᠷᠣᠨ ᠢᠶᠠᠷ | ᠲᠣᠭᠲᠠᠭᠠᠭᠳᠠᠭᠰᠠᠨ ᠠᠴᠠ ᠨᠠᠰᠢ᠂ ᠡᠯ᠎ᠡ ᠵᠦᠶᠯ ᠤᠨ ᠲᠤᠷᠰᠢᠯᠲᠠ ᠶᠢᠨ ᠠᠵᠢᠯ ᠡᠮᠬᠢ ᠵᠢᠷᠤᠮ ᠲᠠᠢ ᠶᠠᠪᠣᠭᠳᠠᠵᠤ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠱᠦᠵᠢ ᠪᠣᠯᠤᠨ ᠬᠤᠷᠢᠶᠠᠨ ᠳᠠᠷᠤᠭ᠎ᠠ ᠶᠢᠨ ︽ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠷᠬᠢᠮᠯᠡᠬᠦ᠂ ᠠᠵᠢᠯᠯᠠᠭ᠎ᠠ ᠥᠷᠨᠢᠭᠦᠯᠬᠦ᠂ | ᠦᠷ᠎ᠡ ᠪᠦᠲᠦᠮᠵᠢ ᠭᠠᠷᠭᠠᠬᠤ︾ ᠠᠵᠢᠯᠯᠠᠭ᠎ᠠ ᠶᠢ ᠦᠷᠨᠢᠬᠦᠯᠦᠨ᠂ ᠠᠯᠪᠠᠨ ᠠᠴᠠ ᠪᠠᠶᠢᠭᠤᠯᠤᠭᠰᠠᠨ 10 ᠡᠮᠨᠡᠯᠭᠡ ᠶᠢᠨ | ᠬᠤᠷᠢᠶᠠᠨ ᠤ ᠬᠦᠷᠢᠶᠡᠨ ᠳᠤ ᠤᠬᠠᠭᠤᠯᠤᠨ ᠲᠠᠶᠢᠯᠪᠤᠷᠢᠯᠠᠬᠤ᠂ ᠡᠮᠨᠡᠯᠭᠡ ᠶᠢᠨ ᠬᠤᠷᠢᠶᠠᠨ ᠤ ᠭᠠᠳᠠᠨ᠎ᠠ ᠬᠠᠷᠢᠯᠴᠠᠨ | ᠶᠠᠷᠢᠯᠴᠠᠬᠤ᠂ ᠬᠤᠶᠠᠷ ᠬᠤᠷᠢᠶᠠᠨ ᠳᠠᠷᠤᠭ᠎ᠠ ᠨᠢ ᠥᠪᠡᠷᠲᠡᠭᠡᠨ ᠵᠠᠰᠠᠬᠤ ᠣᠷᠣᠨ ᠳᠤ ᠲᠣᠮᠢᠯᠠᠭᠳᠠᠨ ᠲᠣᠭᠤᠷᠢᠨ | ᠲᠠᠶᠢᠯᠤᠮᠵᠢ ᠬᠢᠪᠡ︔ ᠡᠯᠧᠺᠲᠷᠣᠨ ᠡᠷᠡᠭᠦᠯ ᠮᠡᠨᠳᠦ ᠶᠢᠨ ᠺᠠᠷᠲ ᠢ ᠨᠢᠭᠡᠨᠲᠡ ᠬᠡᠷᠡᠭᠵᠢᠭᠦᠯᠵᠦ᠂ ᠡᠪᠡᠳᠴᠢᠲᠡᠨ | ᠰᠦᠯᠵᠢᠶᠡᠨ ᠳᠡᠭᠡᠷ᠎ᠡ ᠳ᠋ᠤᠭᠠᠷᠯᠠᠬᠤ᠂ ᠡᠪᠡᠳᠴᠢᠨ ᠦᠵᠡᠭᠦᠯᠬᠦ᠂ ᠡᠮ ᠠᠪᠬᠤ ᠪᠠ ᠡᠷᠡᠭᠦᠯ ᠮᠡᠨᠳᠦ ᠶᠢᠨ ᠬᠠᠮᠢᠶᠠᠷᠤᠯᠲᠠ | ᠵᠡᠷᠭᠡ ︽ᠨᠢᠭᠡ ᠨᠣᠮᠧᠷ ᠢᠶᠠᠷ ᠨᠡᠪᠲᠡᠷᠡᠬᠦ︾ ᠦᠶᠯᠡᠴᠢᠯᠡᠭᠡ ᠶᠢ ᠪᠡᠶᠡᠯᠡᠭᠦᠯᠵᠦ᠂ ᠠᠷᠠᠳ ᠣᠯᠠᠨ ᠤ ᠡᠪᠡᠳᠴᠢᠨ | ᠦᠵᠡᠭᠦᠯᠬᠦ ᠳᠤ ᠲᠤᠶᠢᠯ ᠤᠨ ᠳᠥᠭᠦᠮ ᠦᠵᠡᠭᠦᠯᠪᠡ︔ ᠡᠮᠨᠡᠯᠭᠡ ᠶᠢᠨ ᠬᠤᠷᠢᠶᠠᠨ ᠤ ᠠᠷᠤ ᠲᠠᠯ᠎ᠠ ᠶᠢᠨ | ᠦᠶᠯᠡᠴᠢᠯᠡᠭᠡ ᠶᠢᠨ ᠨᠡᠶᠢᠭᠡᠮᠴᠢᠯᠡᠬᠦ ᠥᠭᠡᠷᠡᠴᠢᠯᠡᠯᠲᠡ ᠶᠢ ᠠᠬᠢᠭᠤᠯᠬᠤ ᠶᠢᠨ ᠲᠥᠯᠥᠭᠡ᠂ ᠬᠤᠲᠠ ᠶᠢᠨ ᠮᠣᠩᠭᠤᠯ | ᠬᠢᠲᠠᠳ ᠡᠮᠨᠡᠯᠭᠡ ᠶᠢᠨ ᠬᠤᠷᠢᠶ᠎ᠠ ᠨᠢ ᠱᠠᠩᠬᠠᠶ ᠶᠢᠨ ᠡᠮᠨᠡᠯᠭᠡ ᠶᠢᠨ ᠬᠠᠮᠢᠶᠠᠷᠤᠭᠴᠢ ᠶᠢ ᠣᠷᠢᠨ ᠵᠠᠯᠠᠪᠠ᠃ | ᠳᠠᠷᠠᠭᠠᠴᠢ ᠶᠢᠨ ᠠᠯᠬᠤᠮ ᠳᠤ᠂ ᠦᠬᠠᠶ ᠬᠤᠲᠠ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠳᠦᠷᠢᠮ ᠢ ᠦᠷᠭᠦᠯᠵᠢᠯᠡᠨ ᠪᠦᠷᠢᠨᠰᠢᠬᠦᠯᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ | ᠪᠠᠶᠢᠭᠤᠯᠣᠨ ᠲᠡᠭᠦᠯᠳᠡᠷᠵᠢᠭᠦᠯᠵᠦ᠂ ︽ᠬᠤᠶᠠᠷ ᠢ ᠵᠥᠪᠰᠢᠶᠡᠷᠡᠬᠦ︾ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠶᠢ ᠠᠬᠢᠭᠤᠯᠣᠨ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠭᠡᠷ᠎ᠡ | ᠲᠣᠭᠲᠠᠨ ᠦᠶᠯᠡᠴᠢᠯᠡᠬᠦ ᠶᠢ ᠴᠢᠩᠭᠠᠳᠬᠠᠨ᠂ ᠣᠯᠠᠨ ᠲᠦᠮᠡᠨ ᠤ ᠦᠨᠳᠦᠰᠦᠨ ᠱᠠᠲᠤᠨ ᠳᠤ ᠡᠪᠡᠳᠴᠢᠨ ᠦᠵᠡᠭᠦᠯᠬᠦ | ᠬᠠᠷᠢᠴᠠᠯ ᠢ ᠳᠡᠭᠡᠭᠰᠢᠯᠡᠭᠦᠯᠵᠦ᠂ ᠪᠦᠬᠦ ᠬᠤᠲᠠ ᠶᠢᠨ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ | ᠶᠢᠨ ᠲᠥᠷᠥᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ |