ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠠᠯᠠᠱᠠ ᠠᠶᠢᠮᠠᠭ ᠤᠨ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2019/8/28

    8 ᠳ᠋ᠤᠭᠠᠷ ᠰᠠᠷ᠎ᠠ ᠶᠢᠨ 27 ᠤ ᠡᠳᠦᠷ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠢᠨ᠎ᠡ ᠴᠠᠭ ᠦᠶ᠎ᠡ ᠶᠢᠨ ᠠᠯᠠᠱᠠ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠭᠤᠤᠯ ᠰᠡᠳᠦᠪ ᠢᠶᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠠᠯᠠᠱᠠ ᠠᠶᠢᠮᠠᠭ ᠤᠨ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠶᠠᠪᠤᠭᠳᠠᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠠᠷᠢᠭᠤᠴᠠᠯᠭᠠᠲᠠᠨ ᠨᠥᠬᠦᠳ 70 ᠵᠢᠯ ᠤᠨ ᠲᠤᠷᠰᠢ ᠢᠯᠠᠩᠭᠤᠶ᠎ᠠ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠬᠤᠲᠠ ᠬᠥᠳᠡᠭᠡ ᠶᠢᠨ ᠠᠭᠤᠰᠤᠯᠳᠤᠯ᠂ ᠦᠨᠳᠦᠰᠦᠲᠡᠨ ᠤ ᠪᠦᠯᠬᠦᠮᠳᠡᠯ ᠵᠡᠷᠭᠡ ᠬᠥᠭᠵᠢᠯᠲᠡ ᠶᠢᠨ ᠪᠠᠶᠢᠳᠠᠯ ᠢ ᠨᠡᠶᠢᠲᠡᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠠᠯᠠᠱᠠ ᠠᠶᠢᠮᠠᠭ ᠲᠤ ᠲᠡᠭᠷᠢ ᠭᠠᠵᠠᠷ ᠢ ᠳᠣᠩᠰᠣᠯᠭᠠᠮ᠎ᠠ ᠶᠡᠭᠡ ᠬᠤᠪᠢᠷᠠᠯᠲᠠ ᠭᠠᠷᠴᠠᠶ᠃ 2018 ᠣᠨ ᠳᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠲᠤᠰ ᠲᠤᠰ 283.3 ᠳ᠋ᠦᠩᠰᠢᠭᠤᠷ ᠲᠥᠭᠦᠷᠢᠭ ᠪᠠ 47.3 ᠳ᠋ᠦᠩᠰᠢᠭᠤᠷ ᠲᠥᠭᠦᠷᠢᠭ ᠲᠤ ᠬᠦᠷᠴᠦ᠂ 1980 ᠣᠨ ᠬᠢ ᠠᠴᠠ 506 ᠳᠠᠬᠢᠨ ᠪᠠ 517 ᠳᠠᠬᠢᠨ ᠨᠡᠮᠡᠭᠳᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 40407 ᠲᠥᠭᠦᠷᠢᠭ ᠪᠠ 19854 ᠲᠥᠭᠦᠷᠢᠭ ᠲᠤ ᠬᠦᠷᠴᠦ᠂ 1980 ᠣᠨ ᠬᠢ ᠠᠴᠠ 72 ᠳᠠᠬᠢᠨ ᠪᠠ 95 ᠳᠠᠬᠢᠨ ᠨᠡᠮᠡᠭᠳᠡᠵᠡᠢ᠃
     ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠦᠲᠦᠴᠡ ᠶᠢ ᠲᠣᠬᠢᠷᠠᠭᠤᠯᠬᠤ᠂ ᠬᠦᠳᠡᠯᠭᠡᠭᠡᠭᠦᠷ ᠬᠦᠴᠦᠨ ᠢ ᠤᠯᠠᠷᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠠᠯᠬᠤᠮ ᠢᠶᠠᠨ ᠲᠦᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ︔ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠮᠠᠭᠤᠲᠠᠬᠤ ᠬᠠᠨᠳᠤᠰᠢ ᠶᠡᠷᠦᠩᠬᠡᠶ ᠳᠤ ᠪᠠᠨ ᠬᠤᠷᠢᠭᠯᠠᠭᠳᠠᠨ᠂ ᠬᠡᠰᠡᠭ ᠲᠠᠯ᠎ᠠ ᠪᠠᠷ ᠰᠠᠶᠢᠵᠢᠷᠠᠬᠤ ᠲᠡᠦᠭᠡᠲᠦ ᠴᠢᠨᠠᠷᠲᠠᠶ ᠬᠤᠪᠢᠷᠠᠯᠲᠠ ᠭᠠᠷᠪᠠ︔ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠳᠤᠲᠠᠭᠤᠳᠠᠯ ᠢ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠤᠨ᠂ ᠬᠤᠲᠠ ᠬᠥᠳᠡᠭᠡ ᠶᠢᠨ ᠳᠦᠷᠰᠦ ᠪᠠᠶᠢᠳᠠᠯ ᠳᠤ ᠴᠣ ᠰᠢᠨ᠎ᠡ ᠬᠤᠪᠢᠷᠠᠯᠲᠠ ᠭᠠᠷᠪᠠ︔ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠶᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠲᠣᠭᠲᠠᠭᠤᠨ ᠢ ᠬᠠᠮᠠᠭᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃
     ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠵᠠᠭᠤᠴᠢᠯᠠᠭᠤᠷ ᠤᠨ ᠰᠤᠷᠪᠤᠯᠵᠢᠯᠠᠭᠴᠢ ᠠᠮᠢ ᠠᠬᠤᠢ ᠶᠢᠨ ᠬᠠᠮᠠᠭᠠᠯᠠᠯᠲᠠ᠂ ᠡᠯᠡᠰᠦᠨ ᠤ ᠠᠵᠤ ᠦᠶᠯᠡᠰ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠵᠡᠷᠭᠡ ᠠᠰᠠᠭᠤᠳᠠᠯ ᠤᠨ ᠲᠣᠭᠤᠷᠢᠨ ᠳᠤ ᠠᠰᠠᠭᠤᠯᠲᠠ ᠳᠤᠷᠠᠳᠪᠠ᠃
   



ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ