ᠰᠢᠯᠢ ᠶᠢᠨ ᠭᠤᠤᠯ ᠠᠶᠢᠮᠠᠭ ᠣᠯᠠᠨ ᠲᠦᠮᠡᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ ᠢᠲᠡᠭᠡᠮᠵᠢ ᠶᠢᠨ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ ᠳᠤ ︽ᠢᠯᠡᠭᠦᠤ ᠭᠦᠶᠦᠵᠦ ᠪᠠᠶᠢᠬᠤ︾ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2019/8/29
     ᠣᠯᠠᠨ ᠲᠦᠮᠡᠨ ᠤ ᠲᠤᠰᠬᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ ᠢᠲᠡᠭᠡᠮᠵᠢ ᠶᠢᠨ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ ᠳᠤ ︽ᠢᠯᠡᠭᠦᠤ ᠭᠦᠶᠦᠵᠦ ᠪᠠᠶᠢᠬᠤ︾ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢᠨ ᠲᠤᠰᠠᠳᠠ᠂ ᠠᠷᠠᠳ ᠤᠨ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠡᠷᠭᠡ ᠰᠠᠯᠠᠭ᠎ᠠ ᠮᠦᠴᠢᠷ ᠶᠠᠷᠢᠯᠴᠠᠬᠤ ᠬᠤᠷᠠᠯ ᠬᠢᠪᠡ᠂ ᠨᠢᠭᠡ ᠳᠤ ᠲᠥᠪ ᠰᠠᠯᠪᠤᠷᠢ ᠶᠢᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠰᠠᠯᠠᠭ᠎ᠠ ᠠᠴᠠ ᠠᠷᠠᠳ ᠤᠨ ᠪᠠᠩᠬᠢ ᠶᠢᠨ ᠢᠲᠡᠭᠡᠮᠵᠢ ᠶᠢᠨ ᠰᠠᠯᠠᠭ᠎ᠠ ᠨᠢ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮ ᠢ ᠣᠷᠤᠭᠤᠯᠤᠭᠰᠠᠨ ᠠᠬᠢᠴᠠ ᠶᠢᠨ ᠪᠠᠶᠢᠳᠠᠯ᠂ ᠣᠳᠣᠬᠠᠨ ᠤ ᠠᠵᠢᠯ ᠤᠨ ᠲᠤᠬᠠᠢ ᠠᠰᠠᠭᠤᠳᠠᠯ ᠵᠢᠴᠢ ᠰᠠᠨᠠᠭᠤᠯᠭ᠎ᠠ ᠪᠠᠨ ᠲᠠᠨᠢᠯᠴᠠᠭᠤᠯᠪᠠ᠃ ᠬᠤᠶᠠᠷ ᠲᠤ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠤᠭᠤᠯᠬᠤ ᠰᠦᠯᠵᠢᠶᠡᠨ ᠤ ᠲᠦᠬᠦᠭᠡᠷᠦᠮᠵᠢ ᠶᠢ ᠴᠠᠭ ᠲᠤᠬᠠᠶ ᠳᠤ ᠨᠢ ᠪᠣᠳᠠᠲᠠᠶᠢᠵᠢᠭᠤᠯᠤᠭᠰᠠᠨ ᠥᠬᠡᠶ ᠠᠰᠠᠭᠤᠳᠠᠯ ᠤᠨ ᠲᠤᠬᠠᠢ ᠲᠣᠳᠣᠷᠬᠠᠶᠢᠯᠠᠯᠲᠠ ᠬᠢᠪᠡ᠃ ᠭᠤᠷᠪᠠ ᠳᠤ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠪᠠᠷ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠨᠢ ᠳᠥᠭᠦᠮ ᠦᠵᠡᠭᠦᠯᠬᠦ ᠶᠢ ᠠᠬᠢᠭᠤᠯᠤᠨ᠂ ᠠᠵᠢᠯ ᠤᠨ ᠳᠤᠮᠳᠠᠬᠢ ᠬᠦᠴᠢᠷᠳᠡᠯ ᠢ ᠢᠯᠠᠨ ᠳᠠᠪᠠᠵᠤ᠂ ᠴᠤᠪᠤᠷᠠᠯ ᠢ ᠳᠥᠭᠦᠮᠴᠢᠯᠡᠬᠦ ᠪᠠ ᠨᠥᠬᠦᠴᠡᠯ ᠪᠦᠷᠢᠯᠳᠦᠭᠦᠯᠵᠦ ᠪᠠᠶᠢᠭᠠᠳ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠢᠲᠡᠭᠡᠮᠵᠢ ᠶᠢᠨ ᠰᠢᠰᠲ᠋ᠧᠮ ᠳᠤ ᠲᠦᠷᠭᠡᠨ ᠣᠷᠤᠭᠤᠯᠬᠤ ᠵᠡᠷᠭᠡ ᠣᠯᠠᠨ ᠲᠠᠯ᠎ᠠ ᠪᠠᠷ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠬᠠᠪᠰᠤᠷᠤᠮᠵᠢ ᠦᠵᠡᠭᠦᠯᠬᠦ ᠶᠢ ᠱᠠᠭᠠᠷᠳᠠᠪᠠ᠃ ᠳᠥᠷᠪᠡ ᠳᠤ ᠬᠤᠷᠠᠯ ᠳᠤ ᠣᠷᠣᠯᠴᠠᠭᠰᠠᠨ ᠨᠢᠭᠡᠴᠢ ᠨᠦᠭᠦᠳ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠤᠭᠤᠯᠬᠤ ᠶᠢ ᠢᠳᠡᠪᠬᠢᠲᠡᠢ ᠲᠦᠯᠬᠢᠨ ᠠᠬᠢᠭᠤᠯᠬᠤ ᠳᠤ ᠰᠠᠨᠠᠯ ᠨᠢᠭᠡᠲᠦᠭᠰᠡᠨ ᠪᠦᠭᠡᠳ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠢᠰᠲ᠋ᠧᠮ ᠳᠤ ᠣᠷᠤᠭᠤᠯᠬᠤ ᠪᠠᠯᠠ ᠮᠥᠩᠭᠦ ᠶᠢ ᠪᠣᠳᠠᠲᠠᠶᠢᠵᠢᠭᠤᠯᠤᠨ᠂ ᠪᠠᠶᠢᠴᠠᠭᠠᠨ ᠯᠠᠪᠯᠠᠬᠤ ᠰᠢᠰᠲ᠋ᠧᠮ ᠢ ᠠᠮᠵᠢᠯᠲᠠᠲᠠᠶ ᠨᠡᠪᠲᠡᠷᠡᠭᠦᠯᠬᠦ ︽ᠡᠴᠦᠰ ᠤᠨ ᠨᠢᠭᠡ ᠺᠢᠯᠣᠮᠧᠲᠷ︾᠎ ᠤᠨ ᠠᠵᠢᠯ ᠢ ᠰᠢᠯᠤᠭᠤᠳᠬᠠᠵᠦ᠂ ᠣᠯᠠᠨ ᠲᠦᠮᠡᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠭᠦᠢᠴᠡᠳᠬᠡᠬᠦ ᠳᠡᠭᠡᠨ ᠢᠲᠡᠭᠡᠮᠵᠢ ᠶᠢᠨ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ ᠳᠤ ︽ᠢᠯᠡᠭᠦᠤ ᠭᠦᠶᠦᠵᠦ ᠪᠠᠶᠢᠬᠤ︾ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号