ᠬᠥᠯᠥᠨ ᠪᠣᠶᠢᠷ ᠬᠤᠲᠠ ᠪᠥᠬᠦ ᠬᠤᠲᠠ ᠶᠢᠨ ᠨᠡᠶᠢᠭᠡᠮ ᠲᠣᠭᠤᠷᠢᠭ ᠢ ᠵᠠᠰᠠᠬᠤ ᠠᠵᠢᠯ ᠢ ᠲᠤᠰᠬᠠᠶ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2019/8/29
     2019 ᠣᠨ ᠤ 8 ᠳ᠋ᠤᠭᠠᠷ ᠰᠠᠷ᠎ᠠ ᠶᠢᠨ 12᠎ ᠤᠨ ᠡᠳᠦᠷ ᠠᠴᠠ 23᠎ ᠤ ᠡᠳᠦᠷ ᠪᠣᠯᠲᠠᠯ᠎ᠠ᠂ ᠬᠥᠯᠥᠨ ᠪᠣᠶᠢᠷ ᠬᠤᠲᠠ ᠶᠢᠨ ᠵᠠᠰᠠᠭ ᠤᠨ ᠣᠷᠳᠣᠨ ᠠᠴᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠷ ᠪᠦᠷᠢᠯᠳᠦᠭᠰᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠨ᠂ ᠪᠥᠬᠦ ᠬᠤᠲᠠ ᠶᠢᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠢ ᠵᠠᠰᠠᠬᠤ ᠠᠵᠢᠯ ᠳᠤ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠪᠡ᠃       ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠬᠤᠰᠢᠭᠤ ᠬᠤᠲᠠ ᠶᠢᠨ ᠬᠠᠷᠢᠭᠤ ᠮᠡᠳᠡᠭᠦᠯᠦᠯᠲᠡ ᠎ ᠶᠢ ᠰᠣᠨᠣᠰᠬᠤ᠂ ᠶᠠᠷᠢᠯᠴᠠᠬᠤ᠂ ᠭᠡᠷᠡᠴᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ 2018 ᠣᠨ ᠳᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ︽ᠬᠤᠲᠠ ᠬᠥᠳᠡᠭᠡ ᠎ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢ ᠴᠢᠩᠭᠠᠳᠬᠠᠨ ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠲᠥᠰᠦᠯ︾᠂ ︽ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠦᠶᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠠᠵᠢᠯ ᠤᠨ ᠲᠥᠰᠦᠯ︾᠂ ︽ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠎ ᠤᠨ ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠶᠢᠨ ᠥᠭᠡᠷᠡᠴᠢᠯᠡᠯᠲᠡ ᠶᠢᠨ ᠠᠵᠢᠯ ᠤᠨ ᠲᠥᠰᠦᠯ︾ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠳᠤ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠲᠤᠷᠰᠢᠨ ᠬᠡᠷᠡᠭᠵᠢᠭᠦᠯᠬᠦ᠂ ᠠᠵᠢᠯ ᠤᠨ ᠠᠬᠢᠴᠠ ᠶᠢ ᠲᠦᠯᠬᠢᠨ ᠠᠬᠢᠭᠤᠯᠬᠤ᠂ ᠪᠣᠳᠠᠲᠠᠶ ᠦᠷ᠎ᠡ ᠪᠦᠲᠦᠮᠵᠢ ᠣᠯᠬᠤ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠵᠢᠴᠢ ᠠᠷᠭᠠᠴᠠᠭᠠᠬᠤ ᠰᠠᠨᠠᠭᠤᠯᠭ᠎ᠠ ᠵᠡᠷᠭᠡ ᠲᠠᠯ᠎ᠠ ᠪᠠᠷ ᠲᠤᠰᠬᠠᠶ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃ ᠡᠭᠦᠨ ᠤ ᠬᠠᠮᠲᠤ ᠡᠯ᠎ᠡ ᠱᠠᠲᠤᠨ ᠤ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠰᠠᠯᠭᠠᠨ ᠥᠭᠴᠦ ᠬᠡᠷᠡᠭᠯᠡᠬᠦ᠂ ᠨᠡᠶᠢᠭᠡᠮ ᠲᠣᠭᠤᠷᠢᠭ ᠤᠨ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠠᠷᠠᠳᠴᠢᠯᠠᠯ ᠢᠶᠠᠷ ᠵᠥᠪᠳᠡᠯᠴᠡᠬᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠬᠢᠬᠦ᠂ ᠲᠤᠰᠬᠤᠨ ᠤ ᠶᠠᠪᠤᠳᠠᠯ ᠢ ᠢᠯᠡ ᠪᠣᠯᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠲᠣᠰᠬᠤᠨ ᠤ ᠠᠷᠠᠳ ᠤᠨ ᠬᠤᠷᠠᠯ ( ᠲᠥᠯᠥᠭᠡᠯᠡᠭᠴᠢᠳ ᠤᠨ ᠬᠤᠷᠠᠯ )᠎ ᠤᠨ ᠳᠦᠷᠢᠮ᠂  ︽532︾᠎ ᠤᠨ ᠠᠵᠢᠯ ᠎ ᠤᠨ ᠬᠠᠤᠯᠢ᠂ ᠭᠠᠴᠠᠭ᠎ᠠ ᠲᠣᠰᠬᠤᠨ ( ᠰᠠᠭᠤᠭᠠᠯᠢ )᠎ ᠤ ᠲᠣᠭᠲᠠᠭᠠᠯ ᠳᠠᠬᠢ ᠠᠷᠠᠳ ᠤᠨ ᠭᠡᠷ᠎ᠡ ᠳᠤ ᠵᠠᠰᠠᠪᠤᠷᠢ ᠣᠷᠣᠭᠤᠯᠤᠨ ᠪᠦᠷᠢᠨᠰᠢᠭᠦᠯᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠵᠡᠷᠭᠡ ᠠᠵᠢᠯ ᠢ ᠰᠢᠮᠳᠠᠭᠤᠯᠤᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠪᠠ᠃ ᠡᠨᠡ ᠨᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢ ᠴᠢᠩᠭᠠᠳᠬᠠᠨ ᠪᠦᠷᠢᠨᠰᠢᠭᠦᠯᠬᠦ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠵᠡᠷᠭᠡ ᠠᠵᠢᠯ ᠳᠤ ᠲᠤᠶᠢᠯ ᠤᠨ ᠶᠡᠭᠡ ᠠᠬᠢᠭᠤᠯᠬᠤ ᠦᠶᠯᠡᠳᠦᠯ ᠦᠵᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号