ᠪᠤᠭᠤᠲᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠎ ᠶᠢᠨ ᠦᠨᠳᠣᠰᠣᠨ ᠪᠠᠶᠢᠳᠠᠯ
ᠨᠡᠶᠢᠲᠡᠯᠡᠭᠰᠡᠨ ᠴᠠᠭ᠄
2019/8/5
     ᠪᠤᠭᠤᠲᠤ ᠬᠤᠲᠠ ᠨᠢ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠣᠮᠣ ᠠᠵᠤ ᠦᠶᠯᠡᠳᠪᠦᠷᠢ ᠶᠢᠨ ᠬᠤᠲᠠ᠂ ᠤᠯᠤᠰ ᠤᠨ ᠴᠢᠬᠤᠯᠠ ᠪᠦᠬᠦᠢ ᠪᠣᠯᠣᠳ ᠲᠡᠮᠦᠷ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠮᠠᠰᠢ ᠣᠯᠠᠨ ᠠᠵᠤ ᠦᠢᠯᠡᠰ ᠤᠨ ᠠᠵᠢᠯᠲᠠᠨ ᠲᠠᠢ ᠪᠠᠶᠢᠳᠠᠭ᠃ ᠴᠠᠭ ᠮᠥᠴᠡ ᠥᠩᠭᠡᠷᠡᠬᠦ ᠶᠢ ᠳᠠᠭᠠᠯᠳᠤᠨ᠂ ᠪᠣᠭᠤᠳᠣ ᠬᠤᠳᠠ ᠶᠢᠨ ᠦᠩᠬᠡᠷᠡᠭᠰᠡᠨ ᠤ ᠬᠤᠲᠠ ᠶᠢᠨ ᠪᠦᠲᠦᠭᠡᠨ ᠪᠠᠶᠢᠭᠤᠯᠤᠭᠴᠢᠳ ᠠᠭᠠᠵᠢᠮ ᠢᠶᠠᠷ ᠦᠲᠡᠯᠵᠤ᠂ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠤᠯᠠᠮ ᠲᠣᠪᠣᠶᠢᠮ᠎ᠠ ᠪᠣᠯᠵᠤ ᠡᠬᠢᠯᠡᠵᠡᠢ᠃ ᠪᠦᠷᠢᠳᠬᠡᠯ ᠢ ᠦᠨᠳᠦᠰᠦᠯᠡᠪᠡᠯ᠂ 2000 ᠤᠨ ᠠᠴᠠ ᠡᠬᠢᠯᠡᠨ ᠪᠤᠭᠤᠲᠤ ᠬᠤᠲᠠ ᠨᠢ ᠨᠠᠰᠣᠵᠢᠯ ᠤᠨ ᠨᠡᠶᠢᠭᠡᠮ ᠳᠤ ᠣᠷᠣᠵᠤ᠂ ᠨᠠᠰᠣᠵᠢᠯᠳᠠ ᠶᠢᠨ ᠬᠥᠭᠵᠢᠯᠲᠡ ᠲᠦᠷᠭᠡᠳᠴᠣ᠂ ᠥᠨᠳᠥᠷ ᠨᠠᠰᠣᠵᠢᠬᠤ᠂ ᠦᠨᠤᠴᠢᠷᠡᠵᠤ ᠭᠠᠭᠴᠠᠭᠠᠷᠳᠠᠬᠤ ᠣᠨᠴᠠᠯᠢᠭ ᠎ ᠲᠠᠢ ᠪᠤᠯᠵᠡᠢ᠃ 2018 ᠤᠨ ᠤ ᠡᠴᠦᠰ ᠲᠤ᠂ ᠪᠤᠭᠤᠲᠤ ᠬᠤᠲᠠ ᠶᠢᠨ 288.87 ᠲᠦᠮᠡᠨ ᠬᠥᠮᠥᠨ ᠠᠮᠠ ᠶᠢᠨ ᠳᠣᠳᠣᠷ᠎ᠠ᠂ 65 ᠨᠠᠰᠤᠨ ᠠᠴᠠ ᠳᠡᠭᠡᠭᠰᠢᠬᠢ ᠨᠠᠰᠤᠲᠠᠨ 32.35 ᠲᠦᠮᠨ ᠪᠠᠶᠢᠵᠤ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ 11.2%᠎ ᠢ ᠡᠵᠡᠯᠡᠨ᠂ ᠣᠯᠠᠨ ᠤᠯᠤᠰ ᠤᠨ ᠪᠠᠷᠢᠮᠵᠢᠶ᠎ᠠ ︵7%᠎ ᠠᠴᠠ ᠳᠡᠭᠡᠭᠰᠢᠬᠢ︶᠎ ᠠᠴᠠ 4.2 ᠵᠠᠭᠤᠨ ᠤ ᠴᠡᠭ ᠳᠠᠪᠠᠵᠤ᠂ ᠨᠠᠰᠣᠳᠠᠶᠢᠴᠣᠳ ᠤᠨ ᠬᠥᠮᠥᠨ ᠠᠮᠠ ᠳᠤ ᠰᠠᠭᠤᠷᠢ ᠲᠤᠭ᠎ᠠ ᠶᠡᠭᠡ᠂ ᠨᠡᠮᠡᠭᠳᠡᠯ ᠤᠨ ᠬᠤᠷᠳᠤᠴᠠ ᠲᠦᠷᠭᠡᠨ ᠬᠠᠨᠳᠣᠰᠢ ᠲᠠᠢ ᠪᠣᠯᠣᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠥᠮᠦᠨ ᠠᠮᠠ ᠶᠢᠨ ᠨᠠᠰᠣᠵᠢᠯ ᠤᠨ ᠬᠥᠭᠵᠢᠯᠲᠡ ᠶᠢᠨ ᠪᠠᠶᠢᠳᠠᠯ ᠳᠤ ᠴᠢᠭᠯᠡᠭᠦᠯᠦᠨ᠂ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠰᠲ᠋ᠧᠮ ᠎ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠵᠣᠬᠢᠬᠤ ᠦᠷ᠎ᠡ ᠪᠦᠲᠦᠮᠵᠢ ᠣᠯᠪᠠ᠃      1. ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠡᠯ᠎ᠡ ᠵᠦᠶᠯ ᠤᠨ ᠪᠠᠲᠤᠯᠠᠭ᠎ᠠ ᠶᠢᠨ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠬᠦᠯᠵᠡᠢ᠃ ᠤᠶᠢᠷ᠎ᠠ ᠶᠢᠨ ᠵᠢᠯ ᠤᠨ ᠲᠤᠷᠰᠢ᠂ ᠪᠤᠭᠤᠲᠤ ᠬᠤᠲᠠ ᠎ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠨᠡᠶᠢᠬᠡᠮ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠭᠡᠳᠣ ᠬᠡᠮᠵᠢᠶ᠎ᠡ ᠪᠠᠷ ᠴᠢᠬᠤᠯᠠᠴᠢᠯᠠᠵᠤ᠂ ᠤᠷᠢᠳ ᠬᠤᠵᠢᠳ ︽ᠨᠠᠰᠤᠲᠠᠶᠢᠴᠤᠳ ᠤᠨ ᠪᠠᠲᠤᠯᠠᠭ᠎ᠠ ᠶᠢᠨ ᠳᠦᠷᠢᠮ︾᠂ ︽ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠦᠶᠯᠡᠰ ᠢ ᠲᠦᠷᠭᠡᠳᠬᠡᠨ ᠬᠥᠭᠵᠢᠭᠦᠯᠬᠦ ᠲᠤᠬᠠᠶ ᠪᠤᠭᠤᠲᠤ ᠬᠤᠲᠠ ᠶᠢᠨ ᠬᠡᠷᠡᠭᠵᠢᠭᠦᠯᠬᠦ ᠠᠷᠭ᠎ᠠ︾᠂ ︽ᠪᠤᠭᠤᠲᠤ ᠬᠤᠲᠠ ᠶᠢᠨ 12349 ᠠᠷᠠᠳ ᠲᠤ ᠳᠥᠭᠦᠮ ᠦᠵᠡᠭᠦᠯᠵᠦ ᠲᠣᠬᠤᠨᠢᠭᠤᠯᠬᠤ ᠦᠶᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠥᠭᠵᠢᠯᠲᠡ ᠶᠢᠨ ᠲᠦᠯᠦᠪᠵᠢᠬᠦᠯᠬᠡ᠂ ᠭᠠᠵᠠᠷ ᠰᠢᠷᠣᠶ ᠶᠢᠨ ᠪᠠᠲᠤᠯᠠᠭ᠎ᠠ᠂ ᠪᠡᠯᠡ ᠮᠥᠩᠭᠦ ᠶᠢᠨ ᠨᠥᠬᠦᠪᠥᠷᠢ᠂ ᠭᠠᠶᠢᠯᠢ ᠰᠦᠶᠳᠬᠡᠯ ᠢ ᠬᠠᠰᠤᠵᠤ ᠬᠡᠯᠲᠦᠷᠢᠭᠦᠯᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠣᠯᠳᠠ ᠵᠡᠷᠭᠡ ᠲᠠᠯ᠎ᠠ ᠪᠠᠷ ᠬᠠᠷᠠᠭᠠᠯᠵᠠᠯ ᠳᠡᠮᠵᠢᠯᠭᠡ ᠦᠵᠡᠭᠦᠯᠵᠦ᠂ ᠪᠤᠭᠤᠲᠤ ᠬᠤᠲᠠ ᠶᠢᠨ ᠨᠡᠶᠢᠬᠡᠮ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠦᠢᠯᠡᠰ ᠤᠨ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃      2. ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠤᠢ ᠪᠤᠯᠭᠠᠵᠡᠢ᠃ 2018 ᠤᠨ ᠤ ᠡᠴᠦᠰ ᠪᠣᠯᠲᠠᠯ᠎ᠠ᠂ ᠪᠥᠬᠦ ᠬᠤᠲᠠ ᠳᠤ ᠡᠯ᠎ᠡ ᠲᠥᠷᠥᠯ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠪᠠᠶᠢᠭᠤᠯᠤᠮᠵᠢ ᠶᠢ ᠨᠡᠶᠢᠲᠡ 68 ᠪᠠᠶᠢᠭᠤᠯᠵᠤ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠳᠣ ᠬᠦᠷᠢᠶᠡᠯᠡᠩ ᠢ 66 ᠪᠠᠶᠢᠭᠤᠯᠵᠤ᠂ ᠨᠡᠶᠢᠬᠡᠮ ᠲᠣᠭᠤᠷᠢᠭ ᠎ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ ᠢ 183 ᠪᠠᠶᠢᠭᠤᠯᠤᠨ᠂ 1.62 ᠲᠦᠮᠡᠨ ᠨᠠᠰᠤᠵᠢᠯ ᠤᠨ ᠠᠰᠠᠷᠠᠮᠵᠢ ᠶᠢᠨ ᠣᠷᠣ ᠲᠣᠬᠢᠷᠠᠭᠤᠯᠵᠤ᠂ ᠮᠢᠩᠭᠠᠨ ᠨᠠᠰᠤᠲᠠᠨ ᠪᠦᠷᠢ ᠳᠤ 33 ᠣᠷᠣ ᠨᠤᠭᠳᠠᠭᠤᠯᠵᠣ᠂ ᠭᠡᠷ ᠪᠦᠯᠢ ᠎ ᠪᠠᠷ ᠰᠠᠭᠤᠷᠢ ᠪᠣᠯᠭᠠᠵᠣ᠂ ᠨᠡᠶᠢᠬᠡᠮ ᠲᠣᠭᠤᠷᠢᠭ ᠢᠶᠠᠷ ᠲᠦᠰᠢᠭ ᠪᠣᠯᠭᠠᠨ᠂ ᠪᠠᠶᠢᠭᠤᠯᠤᠮᠵᠢ ᠪᠠᠷ ᠲᠤᠯᠭᠠᠭᠤᠷᠢ ᠪᠣᠯᠭᠠᠭᠰᠠᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠪᠠᠶᠢᠷᠢᠰᠢᠯ ᠢ ᠦᠨᠳᠦᠰᠦᠨ ᠳᠤ ᠪᠠᠨ ᠪᠦᠷᠢᠯᠳᠦᠭᠦᠯᠪᠡ᠃      3. ᠡᠮᠴᠢᠯᠡᠬᠦ ᠠᠰᠠᠷᠠᠬᠤ ᠶᠢ ᠣᠶᠠᠯᠳᠣᠭᠤᠯᠣᠭᠰᠠᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠨ᠎ᠡ ᠵᠠᠭᠪᠤᠷ ᠢ ᠡᠬᠦᠳᠴᠡᠢ᠃ ︽ᠡᠮᠴᠢᠯᠡᠬᠦ ᠠᠰᠠᠷᠠᠬᠤ︾᠎ ᠶᠢ ᠶᠡᠬᠡᠪᠡᠷ ᠬᠥᠭᠵᠢᠭᠦᠯᠵᠦ᠂ ᠪᠦᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ 68 ᠪᠠᠶᠢᠭᠤᠯᠤᠮᠵᠢ ᠶᠢᠨ 4 ᠡᠷᠦᠬᠡ ᠳᠤ ᠳᠣᠲᠣᠭᠠᠳᠤ ᠡᠮᠨᠡᠯᠭᠡ ᠶᠢᠨ ᠬᠤᠷᠢᠶ᠎ᠠ᠂ 7 ᠡᠷᠦᠬᠡ ᠳᠤ ᠳᠣᠲᠣᠭᠠᠳᠤ ᠡᠷᠡᠭᠦᠯ ᠬᠠᠮᠠᠭᠠᠯᠠᠯ ᠤᠨ ᠲᠠᠰᠤᠭ ︵ᠡᠭᠦᠳᠡᠨ ᠡᠮᠨᠡᠯᠭᠡ︶ ᠪᠠᠶᠢᠭᠤᠯᠵᠣ᠂ 62᠎ ᠨᠢ ᠡᠷᠭᠢᠨ ᠲᠣᠭᠤᠷᠢᠨ ᠤ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ ᠰᠢᠯᠣᠭᠤᠨ ᠨᠡᠪᠳᠡᠷᠡᠬᠦ ᠭᠡᠷ᠎ᠡ ᠲᠣᠭᠲᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠣᠮᠵᠢ ᠶᠢᠨ 90%  ᠎ ᠨᠢ ᠠᠳᠠᠯᠢ ᠪᠤᠰᠤ ᠬᠡᠯᠪᠡᠷᠢ ᠪᠠᠷ ᠭᠡᠷ ᠲᠤ ᠨᠢ ᠬᠦᠷᠴᠦ ᠦᠶᠯᠡᠴᠢᠯᠡᠬᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠦ ᠶᠢᠨ ᠬᠥᠮᠦᠵᠢᠯ ᠬᠢᠬᠦ᠂ ᠠᠷᠬᠠᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠦᠶᠯᠡᠴᠢᠯᠡᠭᠡ ᠶᠢ ᠥᠷᠨᠢᠭᠦᠯᠵᠦ᠂ ︽ᠨᠠᠰᠤᠵᠢᠯ ᠤᠨ ᠠᠰᠠᠷᠠᠮᠵᠢ ᠬᠦᠷᠲᠡᠬᠦ ᠳᠤ ᠬᠦᠴᠢᠷᠲᠡᠶ︾ ᠪᠠ ︽ᠡᠪᠡᠳᠴᠢᠨ ᠦᠵᠡᠭᠦᠯᠬᠦ ᠳᠤ ᠬᠦᠴᠢᠷᠲᠡᠶ︾ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ︔ ᠡᠭᠦᠨ ᠤ ᠬᠠᠮᠲᠤ ︽ᠨᠠᠰᠤᠲᠠᠨ ᠢ ᠠᠰᠠᠷᠠᠬᠤ ᠵᠠᠳᠠᠭᠠᠢ ᠬᠦᠷᠢᠶᠡᠯᠡᠩ︾᠎ ᠢ ᠪᠠᠶᠢᠭᠤᠯᠵᠣ᠂ 12349 ᠠᠷᠠᠳ ᠲᠤ ᠳᠥᠭᠦᠮ ᠦᠵᠡᠭᠦᠯᠬᠦ ᠨᠠᠰᠣᠳᠠᠶᠢᠴᠣᠳ ᠲᠤ ᠦᠢᠯᠡᠴᠢᠯᠡᠬᠦ ᠲᠠᠪᠴᠠᠩ ᠢ ᠠᠰᠢᠭᠯᠠᠨ᠂ ᠨᠠᠰᠤᠲᠠᠶᠢᠴᠤᠳ ᠲᠤ ᠪᠠᠷᠢᠮᠵᠢᠶᠠᠵᠢᠭᠰᠠᠨ᠂ ᠲᠤᠰᠬᠠᠶᠢᠵᠢᠭᠰᠠᠨ᠂ ᠲᠣᠳᠣᠨᠣᠴᠢᠯᠠᠭᠰᠠᠨ ᠪᠠ ᠡᠳᠣᠷᠵᠢᠨ ᠬᠦᠯᠢᠶᠠᠬᠦ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠤᠯᠠᠨ ᠲᠠᠯ᠎ᠠ ᠶᠢᠨ ᠠᠮᠢᠳᠤᠷᠠᠯ ᠎ ᠤᠨ ᠬᠡᠷᠡᠭᠴᠡᠭᠡ ᠶᠢ ᠨᠢ ᠬᠠᠩᠭᠠᠵᠤ ᠦᠭᠴᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号