ᠬᠢᠩᠭᠠᠨ ᠠᠶᠢᠮᠠᠭ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠵᠢᠴᠢ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠤᠨ ᠲᠣᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/8/6
    7 ᠳ᠋ᠤᠭᠠᠷ ᠰᠠᠷ᠎ᠠ ᠶᠢᠨ 30᠎ ᠤ ᠡᠳᠦᠷ᠂ ᠪᠦᠬᠦ ᠠᠶᠢᠮᠠᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠵᠢᠴᠢ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠤᠨ ᠬᠤᠷᠠᠯ ᠲᠦᠴᠢᠦᠸᠠᠨ ᠰᠢᠶᠠᠨ ᠳᠤ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ ᠪᠣᠯᠤᠨ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯᠯᠠᠭ᠎ᠠ ᠶᠢᠨ ᠳᠤᠮᠳᠠ ᠬᠥᠬᠢᠭᠦᠯᠦᠭᠳᠡᠭᠰᠡᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠣᠷᠣᠯᠴᠠᠬᠤ ᠶᠢ ᠴᠢᠨᠠᠭᠰᠢᠳᠠ ᠠᠬᠢᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂  ᠠᠶᠢᠮᠠᠭ ᠤᠨ ᠳᠡᠳ᠋ ᠳᠠᠷᠤᠭ᠎ᠠ ᠮᠧᠩ ᠸᠧᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃    ᠬᠤᠷᠠᠯ ᠠᠴᠠ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠎ ᠢ ᠲᠣᠳᠣᠷᠬᠠᠶᠢᠯᠠᠨ ᠥᠭᠦᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠳᠤ ᠣᠷᠣᠯᠴᠠᠭᠰᠠᠨ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠡᠷᠢᠵᠦ᠂ ᠠᠵᠤ ᠠᠬᠤᠶᠢᠯᠠᠯ ᠤᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠳᠤ ᠣᠷᠣᠯᠴᠠᠬᠤ ᠶᠢ ᠴᠢᠨᠠᠭᠰᠢᠳᠠ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠴᠠᠶ᠃ ᠡᠭᠦᠨ ᠤ ᠬᠠᠮᠲᠤ᠂ ᠰᠢᠨ᠎ᠡ ᠴᠠᠭ ᠦᠶ᠎ᠡ ᠶᠢᠨ ᠨᠡᠶᠢᠲᠡ ᠎ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃    ᠬᠤᠷᠠᠯ ᠠᠴᠠ ᠴᠢᠬᠤᠯᠠᠴᠢᠯᠠᠭᠰᠠᠨ ᠨᠢ᠂ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠪᠠᠶᠢᠳᠠᠯ ᠢ ᠣᠨᠣᠪᠴᠢᠲᠠᠶ ᠡᠵᠡᠮᠳᠡᠨ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠶᠢ ᠪᠠᠲᠤ ᠴᠢᠩᠭ᠎ᠠ ᠴᠢᠩᠭᠠᠳᠬᠠᠬᠤ ᠬᠡᠷᠡᠭᠲᠡᠶ︔ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠣᠳᠠᠲᠠᠶ ᠎ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠬᠠᠷᠢᠯᠴᠠᠨ ᠠᠰᠢᠭᠲᠠᠢ ᠪᠠᠶᠢᠬᠤ ᠴᠢᠨᠠᠷ ᠪᠠ ᠨᠡᠶᠢᠲᠡ ᠶᠢᠨ ᠠᠰᠠᠷᠠᠮᠵᠢ ᠶᠢᠨ ᠴᠢᠨᠠᠷ ᠢ ᠭᠤᠤᠯᠳᠠᠯᠭ᠎ᠠ ᠲᠠᠢ ᠳᠣᠪᠣᠶᠢᠯᠭᠠᠬᠤ ᠬᠡᠷᠡᠭᠲᠡᠶ︔ ᠵᠣᠬᠢᠶᠠᠨ ᠪᠠᠶᠢᠭᠤᠯᠤᠯᠲᠠ ᠎ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ︔ ᠵᠥᠪ ᠴᠢᠭᠯᠡᠯ ᠢ ᠡᠵᠡᠮᠳᠡᠵᠦ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠢ ᠭᠡᠵᠡᠢ᠃    ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠰᠠᠨ ᠶᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠲᠢᠶᠠᠨ ᠰᠢᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ᠂ ᠯᠢᠦᠶ ᠹᠧᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠎ ᠤᠨ ᠰᠢᠨᠲ᠋ᠠᠢ ᠪᠠᠷᠢᠯᠭ᠎ᠠ ᠤᠭᠰᠠᠷᠠᠬᠤ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠪᠣᠯᠤᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠲᠤᠬᠠᠶ ᠶᠢᠨ ᠲᠠᠯᠠᠪᠠᠢ ᠳᠤ ᠲᠣᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号