ᠣᠶᠢᠷ᠎ᠠ ᠶᠢᠨ ᠡᠳᠦᠷ᠂ ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠨᠡᠬᠡᠬᠡᠯᠲᠡ ᠶᠢᠨ ᠲᠣᠭᠤᠷᠢᠭ ᠤᠨ | ᠲᠥᠪᠯᠡᠷᠡᠭᠦᠯᠦᠨ ᠰᠡᠷᠡᠮᠵᠢᠯᠡᠭᠦᠯᠬᠦ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ ᠨᠢᠭᠡ ᠴᠣᠭᠴᠠᠵᠢᠭᠤᠯᠤᠭᠰᠠᠨ ᠴᠢᠬᠡᠴᠢ | ᠵᠠᠰᠠᠭ ᠤᠨ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠤᠭᠳᠠᠭᠰᠠᠨ ᠪᠥᠭᠡᠳ ᠵᠢᠩᠬᠢᠨᠢ ᠪᠠᠷ ᠠᠰᠢᠭᠯᠠᠯᠲᠠ ᠳᠤ | ᠣᠷᠣᠪᠠ᠃ | ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠭᠠᠵᠠᠷ ᠨᠢ ᠪᠠᠷᠤᠭ 400 ᠲᠡᠭᠰᠢ ᠳᠥᠷᠪᠡᠯᠵᠢᠨ ᠮᠧᠲᠷ | ᠭᠠᠵᠠᠷ ᠡᠵᠡᠯᠡᠵᠦ᠂ ᠣᠷᠣᠰᠢᠯ ᠤᠨ ᠲᠢᠩᠬᠢᠮ᠂ ᠰᠢᠢᠳᠪᠦᠷᠢᠲᠦ ᠪᠣᠳᠣᠯᠭ᠎ᠠ᠂ ᠥᠩᠭᠡᠷᠡᠯᠲᠡ᠂ ᠨᠠᠮ ᠤᠨ ᠰᠦᠭ | ᠰᠦᠨᠡᠰᠦ᠂ ᠴᠤᠭ ᠵᠢᠪᠬᠤᠭ᠎ᠠ᠂ ᠪᠠᠷᠠᠭᠠᠯᠠᠯ ᠪᠠ ᠰᠡᠷᠡᠮᠵᠢᠯᠡᠭᠦᠯᠦᠯ ᠤᠨ ᠬᠡᠰᠡᠭ ᠢᠶᠠᠷ ᠪᠦᠷᠢᠯᠳᠦᠭᠰᠡᠨ ᠪᠥᠭᠡᠳ ᠨᠠᠮ ᠳᠤ | ᠣᠷᠣᠬᠤ ᠲᠠᠩᠭᠠᠷᠢᠭ ᠢᠶᠠᠨ ᠳᠠᠬᠢᠨ ᠳᠠᠪᠲᠠᠬᠤ ᠠᠵᠢᠯᠯᠠᠭ᠎ᠠ᠂ ᠪᠦᠷᠢᠨ ᠵᠠᠩᠭᠢ ᠶᠢᠨ ᠲᠤᠰᠬᠠᠯᠲᠠ ᠶᠢᠨ ᠡᠯᠡᠰᠦᠨ ᠴᠠᠷ᠎ᠠ | ᠪᠠ ᠬᠠᠷᠢᠯᠴᠠᠨ ᠣᠶᠢᠯᠠᠭᠠᠯᠴᠠᠨ ᠰᠡᠳᠦᠪ ᠬᠠᠷᠢᠭᠤᠯᠬᠤ ᠵᠡᠷᠭᠡ ᠣᠷᠣᠨ ᠪᠦᠰᠡ ᠪᠠᠷ ᠪᠦᠷᠢᠯᠳᠦᠵᠡᠶ᠃ ᠰᠠᠭᠤᠷᠢᠨ | ᠭᠠᠵᠠᠷ ᠨᠢ ᠶᠡᠭᠡ ᠬᠡᠮᠵᠢᠶᠡᠨ ᠤ ᠬᠠᠷᠠᠭᠠᠨ ᠳᠠᠪᠲᠠᠮᠵᠢ᠂ ᠭᠡᠷᠡᠯ ᠵᠢᠷᠤᠭ᠂ ᠦᠰᠦᠭ ᠪᠢᠴᠢᠭ ᠵᠡᠷᠭᠡ | ᠬᠡᠯᠪᠡᠷᠢ ᠪᠠᠷ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ | ᠥᠭᠦᠯᠡᠯᠲᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠤᠨ ᠣᠯᠤᠭᠰᠠᠨ ᠴᠢᠬᠤᠯᠠ ᠶᠡᠭᠡ ᠦᠷ᠎ᠡ ᠪᠦᠲᠦᠭᠡᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠪᠣᠯᠤᠨ ᠳᠡᠭᠡᠳᠦ ᠰᠢᠨ᠎ᠡ ᠮᠡᠷᠭᠡᠵᠢᠯ ᠤᠨ ᠨᠡᠬᠡᠬᠡᠯᠲᠡ ᠶᠢᠨ ᠲᠣᠭᠤᠷᠢᠭ ᠤᠨ ᠭᠡᠷ ᠤᠨ ᠰᠤᠷᠲᠠᠯ | ᠰᠣᠶᠣᠯ ᠢ ᠲᠥᠪᠯᠡᠷᠡᠩᠭᠦᠶ ᠳᠡᠯᠭᠡᠨ ᠦᠵᠡᠭᠦᠯᠦᠭᠰᠡᠨ ᠪᠥᠭᠡᠳ ᠣᠶᠢᠷ᠎ᠠ ᠶᠢᠨ ᠵᠢᠯ ᠳᠤ ᠪᠠᠶᠢᠴᠠᠭᠠᠨ ᠰᠢᠢᠳᠪᠦᠷᠢᠯᠡᠭᠰᠡᠨ | ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢ ᠶᠡᠭᠡ ᠬᠡᠮᠵᠢᠶ᠎ᠡ ᠪᠠᠷ ᠬᠡᠷᠡᠭᠯᠡᠵᠦ᠂ ᠳᠡᠷᠭᠡᠳᠡᠬᠢ ᠶᠠᠪᠤᠳᠠᠯ ᠢᠶᠠᠷ ᠳᠡᠷᠭᠡᠳᠡᠬᠢ ᠬᠥᠮᠦᠨ ᠢᠶᠠᠨ ᠬᠥᠮᠦᠵᠢᠭᠦᠯᠵᠦ᠂ | ᠰᠠᠬᠢᠯᠭ᠎ᠠ ᠪᠠᠲᠤ ᠶᠢᠨ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠡᠢ᠃ ᠰᠠᠭᠤᠷᠢᠨ ᠭᠠᠵᠠᠷ | ᠪᠠᠶᠢᠭᠤᠯᠤᠭᠳᠠᠭᠰᠠᠨ ᠨᠢ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠢᠲᠡᠭᠡᠯ ᠪᠢᠰᠢᠷᠡᠯ ᠢᠶᠠᠨ ᠪᠠᠲᠤᠳᠬᠠᠬᠤ | ᠰᠠᠭᠤᠷᠢ᠂ ᠣᠶᠤᠨ ᠰᠠᠨᠠᠭᠠᠨ ᠤ ᠬᠦᠷᠲᠡᠭᠳᠡᠯ ᠢᠶᠠᠨ ᠨᠡᠮᠡᠭᠳᠡᠭᠦᠯᠬᠦ ᠰᠢᠳᠢᠲᠦ ᠡᠮ᠂ ᠦᠵᠡᠯ ᠰᠠᠨᠠᠭ᠎ᠠ ᠪᠠᠨ | ᠳᠡᠭᠡᠭᠰᠢᠯᠡᠭᠦᠯᠬᠦ ᠪᠠᠲᠤ ᠲᠦᠰᠢᠭ ᠪᠣᠯᠵᠤ᠂ ︽ᠪᠣᠬᠢᠷᠲᠤᠯ ᠦᠭᠡᠢ︾ ︽ᠠᠷᠢᠭᠤᠨ ᠴᠢᠬᠡᠴᠢ︾ ᠬᠦᠷᠢᠶᠡᠯᠡᠩ | ᠲᠣᠭᠤᠷᠢᠭ ᠤᠨ ᠰᠢᠨ᠎ᠡ ᠬᠠᠮᠲᠤᠷᠠᠯ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠬᠤ ᠪᠣᠯᠤᠨ᠎ᠠ᠃ |